ᠭᠤᠸ ᠬᠤᠸᠠᠢ ᠵᠢᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ  ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠲᠤᠰᠬᠠᠢ ᠰᠡᠳᠦᠪ ᠢᠶᠠᠷ ᠰᠤᠳᠤᠯᠪᠠ
ᠨᠡᠶᠢᠲᠡᠯᠡᠭᠰᠡᠨ ᠴᠠᠭ᠄
2024/9/23
      9 ᠳ᠋ᠦ᠋ᠭᠡᠷ ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠲᠤᠰᠬᠠᠢ ᠰᠡᠳᠦᠪ ᠢᠶᠠᠷ ᠰᠤᠳᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠡᠭ ᠬᠤᠷᠠᠯ ᠳᠤ ᠣᠷᠣᠯᠴᠠᠪᠠ᠃      ᠬᠤᠷᠠᠯ ᠳᠤ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠰᠤᠮᠤ ᠪᠠᠯᠭᠠᠰᠤ ᠵᠢᠴᠢ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠡᠪᠡᠰᠦ ᠪᠡᠯᠴᠢᠭᠡᠷ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠤᠳ ᠲᠣᠰ ᠲᠣᠰ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠬᠢᠪᠡ᠃      ᠭᠤᠸ ᠬᠤᠸᠠᠢ ᠵᠢᠩ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠢ ᠰᠣᠨᠣᠰᠴᠤ᠂ ᠪᠠᠶᠢᠳᠠᠯ ᠢ ᠠᠰᠠᠭᠤᠵᠤ ᠣᠶᠢᠯᠠᠭᠠᠨ᠂ ᠪᠣᠳᠠᠲᠠᠢ ᠠᠰᠠᠭᠤᠳᠠᠯ ᠳᠤ ᠴᠢᠭᠯᠡᠭᠦᠯᠦᠨ ᠣᠯᠠᠨ ᠲᠠᠢ ᠰᠠᠨᠠᠯ ᠢᠶᠠᠨ ᠰᠣᠯᠢᠯᠴᠠᠵᠤ᠂ ᠰᠢᠢᠳᠪᠦᠷᠢᠯᠡᠬᠦ ᠠᠷᠭ᠎ᠠ ᠶᠢ ᠲᠤᠬᠠᠢ ᠶᠢᠨ ᠲᠠᠯᠠᠪᠤᠷ ᠲᠤ ᠰᠤᠳᠤᠯᠤᠨ ᠶᠠᠷᠢᠯᠴᠠᠪᠠ᠃ ᠲᠡᠷᠡ ᠬᠡᠯᠡᠬᠦ ᠳᠡᠭᠡᠨ᠂ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠰᠠᠶᠢᠲᠤᠷ ᠬᠢᠬᠦ ᠨᠢ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ᠃ ᠪᠦᠭᠦ ᠬᠤᠰᠢᠭᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠡᠭ ᠤᠨ ᠲᠠᠷᠢᠶᠠᠯᠠᠩ ᠠᠵᠦ ᠠᠬᠤᠢ ᠲᠠᠷᠢᠶᠠᠯᠠᠬᠤ ᠣᠷᠣᠨ ᠲᠠᠷᠢᠶᠠᠴᠢᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠬᠢᠨᠠᠮᠠᠭᠠᠢ ᠰᠤᠷᠤᠯᠴᠠᠨ ᠲᠣᠭᠤᠰᠢᠯᠠᠭᠤᠯᠵᠤ᠂ ᠲᠠᠷᠢᠶᠠᠯᠠᠩ ᠠᠵᠦ ᠠᠬᠤᠢ ᠲᠠᠷᠢᠶᠠᠯᠠᠬᠤ ᠣᠷᠣᠨ ᠲᠠᠷᠢᠶᠠᠴᠢᠨ ᠤ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠨ᠂ ᠳᠠᠪᠠᠭᠤᠯᠢᠭ ᠢᠶᠠᠨ ᠪᠠᠳᠠᠷᠠᠭᠤᠯᠵᠤ ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠨ᠂ ᠤᠷᠲᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠲᠠᠷᠢᠶᠠᠯᠠᠩ ᠮᠠᠯ ᠠᠵᠤ ᠠᠬᠤᠢ ᠶᠢ ᠴᠢᠨᠠᠷ ᠰᠠᠶᠢᠲᠠᠢ ᠥᠨᠳᠦᠷ ᠪᠦᠲᠦᠮᠵᠢᠲᠡᠢ ᠬᠥᠭᠵᠢᠭᠦᠯᠬᠦ᠂ ᠮᠠᠯᠵᠢᠬᠤ ᠲᠠᠷᠢᠶᠠᠯᠠᠬᠤ ᠣᠷᠣᠨ ᠢ ᠣᠷᠣᠰᠢᠨ ᠰᠠᠭᠤᠬᠤ ᠳᠤ ᠲᠣᠬᠢᠷᠠᠮᠵᠢᠲᠠᠢ ᠪᠣᠯᠭᠠᠬᠤ᠂ ᠮᠠᠯᠴᠢᠨ ᠲᠠᠷᠢᠶᠠᠴᠢᠨ ᠢ ᠴᠢᠨᠡᠭᠡᠯᠢᠭᠵᠢᠬᠦᠯᠬᠦ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃      ᠭᠤᠸ ᠬᠤᠸᠠᠢ ᠵᠢᠩ ᠬᠡᠯᠡᠬᠦ ᠳᠡᠭᠡᠨ᠂ ᠡᠯ᠎ᠡ ᠰᠤᠮᠤ ᠪᠠᠯᠭᠠᠰᠤ᠂ ᠲᠠᠷᠢᠶᠠᠯᠠᠩ ᠠᠵᠦ ᠠᠬᠤᠢ ᠶᠢᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠲᠣᠭᠲᠠᠯ ᠬᠦᠴᠦᠨ ᠢᠶᠠᠨ ᠦᠨᠡᠨᠬᠦ ᠴᠢᠩᠭᠠᠳᠬᠠᠵᠤ᠂ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠨ᠂ ᠳᠤᠲᠠᠭᠤᠳᠠᠯ ᠢᠶᠠᠨ ᠨᠥᠬᠦᠪᠦᠷᠢᠯᠡᠬᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ᠂ ᠳᠡᠭᠡᠭᠰᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠪᠥᠬᠦ ᠲᠠᠯ᠎ᠠ ᠪᠠᠷ ᠰᠠᠭᠤᠷᠢ ᠪᠠᠨ ᠪᠠᠲᠤᠳᠬᠠᠨ᠂ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠵᠦ᠂ ᠬᠡᠯᠬᠢᠶ᠎ᠡ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠴᠢᠬᠤᠯᠠ ᠪᠠᠶᠢᠷᠢᠨ ᠳᠤ ᠲᠠᠯᠪᠢᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠨ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠠᠯᠳᠠᠭ᠎ᠠ ᠳᠤᠲᠠᠭᠤᠳᠠᠯ ᠢᠶᠠᠨ ᠪᠠᠶᠢᠴᠠᠭᠠᠵᠤ ᠨᠥᠬᠦᠪᠦᠷᠢᠯᠡᠨ᠂ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠬᠦᠴᠦᠲᠡᠢ ᠠᠬᠢᠭᠤᠯᠤᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠭᠤᠣᠯᠳᠠᠯᠭ᠎ᠠ ᠶᠢ ᠡᠵᠡᠮᠳᠡᠨ᠂ ᠡᠭᠦᠷᠭᠡ ᠶᠢᠨ ᠨᠠᠷᠢᠨ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠨᠠᠷᠢᠨ ᠲᠠᠩᠰᠠ ᠶᠢᠨ ᠮᠠᠶ᠋ᠢᠭ︾ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠵᠦᠢᠯ ᠵᠤᠷᠪᠤᠰ ᠳᠠᠷᠠᠭᠠᠯᠠᠨ ᠠᠬᠢᠭᠤᠯᠬᠤ ᠬᠡᠷᠡᠭᠲᠡᠢ᠃ ᠨᠢᠭᠡᠳᠦᠭᠡᠷ ᠹᠷᠣᠨᠲ ᠲᠤ ᠠᠵᠢᠯᠯᠠᠬᠤ ᠠᠷᠭ᠎ᠠ ᠶᠢ ᠪᠠᠷᠢᠮᠲᠠᠯᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠲᠤᠬᠠᠢ ᠶᠢᠨ ᠲᠠᠯᠠᠪᠤᠷ ᠲᠤ ᠠᠵᠢᠯᠯᠠᠬᠤ᠂ ᠬᠢᠨᠠᠨ ᠵᠢᠯᠤᠭᠤᠳᠴᠤ ᠪᠠᠶᠢᠴᠠᠭᠠᠨ ᠰᠤᠳᠤᠯᠤᠯᠲᠠ ᠬᠢᠬᠦ ᠶᠢ ᠥᠷᠨᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠬᠥᠭᠵᠢᠭᠦᠯᠬᠦ᠂ ᠮᠠᠯᠴᠢᠨ ᠲᠠᠷᠢᠶᠠᠴᠢᠨ ᠤ ᠬᠦᠦ ᠮᠥᠩᠭᠦ ᠶᠢ ᠪᠠᠭᠤᠷᠠᠭᠤᠯᠤᠨ ᠵᠢᠭᠡᠯᠡᠯᠭᠡ ᠶᠢ ᠪᠠᠭᠠᠰᠬᠠᠵᠤ ᠳᠠᠷᠤᠭᠠᠰᠤ ᠶᠢ ᠬᠥᠩᠭᠡᠯᠡᠨ ᠣᠷᠣᠯᠭ᠎ᠠ ᠶᠢ ᠨᠢ ᠨᠡᠮᠡᠭᠳᠡᠭᠦᠯᠬᠦ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ᠂ ᠬᠠᠮᠲᠤ ᠶᠢᠨ ᠠᠵᠤ ᠠᠬᠤᠢ ᠶᠢ ᠡᠷᠭᠢᠯᠳᠦᠭᠦᠯᠬᠦ ᠵᠡᠷᠭᠡ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠵᠢᠴᠢ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠪᠦᠲᠦᠮᠵᠢᠲᠡᠢ ᠠᠪᠴᠠᠯᠳᠤᠭᠤᠯᠬᠤ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠲᠠᠬᠢᠨ ᠶᠠᠳᠠᠭᠤᠷᠠᠬᠤ ᠶᠢ ᠬᠥᠳᠡᠯᠦᠩᠭᠦᠢ ᠪᠠᠷ ᠰᠡᠷᠭᠡᠶᠢᠯᠡᠨ ᠡᠵᠡᠮᠳᠡᠬᠦ᠂ ᠨᠠᠷᠢᠯᠢᠭ ᠣᠨᠣᠪᠴᠢᠲᠠᠢ ᠪᠠᠷ ᠬᠠᠪᠰᠤᠷᠤᠨ ᠲᠡᠳᠬᠦᠬᠦ ᠠᠵᠢᠯ ᠤᠨ ᠴᠠᠭ ᠬᠤᠭᠤᠴᠠᠭᠠᠲᠤ ᠴᠢᠨᠠᠷ᠂ ᠪᠦᠲᠦᠮᠵᠢᠲᠦ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠬᠦ ᠬᠦᠴᠦᠨ ᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠤᠨ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠴᠢᠩᠭ᠎ᠠ ᠰᠢᠢᠳᠪᠦᠷᠢᠯᠡᠨ᠂ ᠥᠨᠳᠥᠷ ᠲᠦᠪᠰᠢᠨ ᠪᠦᠬᠦᠢ ᠠᠮᠢ ᠠᠬᠤᠢ ᠶᠢᠨ ᠬᠠᠮᠠᠭᠠᠯᠠᠯᠲᠠ ᠪᠠᠷ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃      ᠬᠤᠷᠠᠯ ᠳᠤ ᠬᠤᠰᠢᠭᠤᠨ ᠤ ᠤᠳᠤᠷᠢᠳᠤᠯᠭ᠎ᠠ ᠰᠢᠶᠧ ᠢᠦᠢ᠂ ᠯᠢ ᡁᠢ ᠪᠢᠶᠣᠣ᠂ ᠰᠢᠦᠢ ᠷᠦᠢ ᠹᠧᠩ᠂ ᠮᠠ ᠽᠢ ᠳ᠋ᠦᠩ᠂ ᠭᠦᠸᠧ ᠵᠣᠤ ᠬᠤᠶ᠂ ᠴᠢ᠊ ᠮᠦᠷᠡᠨ ᠪᠠ ᠡᠯ᠎ᠡ ᠰᠤᠮᠤ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ 
ᠢᠷᠡᠯᠲᠡ᠄ ᠣᠲᠤᠭ ᠨᠡᠶᠢᠲᠡᠯᠡᠯ