ᠤᠯᠠᠭᠠᠨᠪᠠᠯᠭᠠᠰᠤᠨ ᠤ ᠺᠠᠩ ᠨᠢᠩ ᠨᠡᠶᠢᠭᠡᠮ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠰᠢᠯᠢᠳᠡᠭ ᠦᠢᠯᠡᠴᠢᠯᠡᠭᠡ ᠪᠠᠷ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2024/9/25
      ︽ᠨᠠᠶᠠ ᠳᠠᠪᠠᠭᠰᠠᠨ ᠪᠢ ᠥᠨᠥᠳᠥᠷ ᠡᠶᠢᠮᠦ ᠰᠠᠶᠢᠬᠠᠨ ᠭᠡᠭᠡᠨ ᠰᠠᠷᠠᠭᠤᠯ ᠬᠠᠯᠠᠭᠤᠨ ᠳᠤᠯᠠᠭᠠᠨ ᠭᠡᠷ ᠲᠤ ᠰᠠᠭᠤᠵᠤ ᠪᠠᠶᠢᠭ᠎ᠠ ᠨᠢ ᠲᠠ ᠨᠠᠷ ᠰᠢᠭ᠋ ᠠᠷᠠᠳ ᠲᠦᠮᠡᠨ ᠤ ᠰᠠᠶᠢᠨ ᠺᠠᠳ᠋ᠷᠴᠤᠳ ᠤᠨ ᠪᠤᠶᠠᠨ ᠰᠢᠤ᠂ ᠡᠨᠡ ᠨᠠᠰᠤᠨ ᠳᠠᠭᠠᠨ ᠪᠢ ᠡᠪ ᠬᠠᠮᠲᠤ ᠨᠠᠮ ᠤᠨ ᠡᠨᠡᠷᠢᠯ ᠬᠠᠶᠢᠷ᠎ᠠ ᠶᠢ ᠡᠭᠦᠷᠢᠳᠡ ᠮᠠᠷᠲᠠᠬᠤ ᠦᠭᠡᠢ᠂ ᠡᠪ ᠬᠠᠮᠲᠤ ᠨᠠᠮ ᠳᠠᠭᠠᠨ ᠭᠦᠨ ᠲᠠᠯᠠᠷᠬᠠᠵᠤ ᠪᠠᠶᠢᠨ᠎ᠠ︾ ᠭᠡᠵᠦ ᠤᠯᠠᠭᠠᠨᠪᠠᠯᠭᠠᠰᠤᠨ ᠤ ᠺᠠᠩ ᠨᠢᠩ ᠨᠡᠶᠢᠭᠡᠮ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠨ ᠠᠬᠠᠮᠠᠳ ᠨᠠᠰᠤᠲᠠᠨ ᠰᠤᠳᠨᠠᠮ ᠶᠠᠷᠢᠵᠤ ᠪᠠᠶᠢᠯ᠎ᠠ᠃ ᠺᠠᠩ ᠨᠢᠩ ᠨᠡᠶᠢᠭᠡᠮ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡᠨ ᠤ ᠳᠠᠷᠤᠭ᠎ᠠ ᠣᠶᠤᠨᠴᠢᠮᠡᠭ᠄ ︽ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠠᠯᠠᠷᠬᠠᠯ ᠨᠢ ᠪᠢᠳᠡᠨ ᠳᠤ ᠠᠪᠴᠤ ᠬᠡᠯᠡᠪᠡᠯ ᠨᠢᠭᠡ ᠵᠦᠢᠯ ᠤᠨ ᠤᠷᠮᠠᠰᠢᠭᠤᠯᠤᠯ ᠮᠥᠨ᠂ ᠨᠠᠩ ᠴᠤ ᠬᠦᠨᠳᠦ ᠬᠠᠷᠢᠭᠤᠴᠠᠯᠭ᠎ᠠ ᠮᠥᠨ᠂ ᠪᠢᠳᠠᠨ ᠢ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ ᠪᠠᠷ ᠯᠠᠪᠳᠠᠭᠤᠨ ᠪᠠᠲᠤᠲᠠᠢ ᠠᠵᠢᠯᠯᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠦᠴᠢᠷᠳᠡᠯ ᠢ ᠨᠢ ᠰᠠᠶᠢᠲᠤᠷ ᠰᠢᠢᠳᠪᠦᠷᠢᠯᠡᠬᠦ ᠶᠢ ᠵᠣᠷᠢᠭᠵᠢᠭᠤᠯᠵᠤ ᠪᠠᠶᠢᠨ᠎ᠠ︾ ᠭᠡᠪᠡ᠃      ᠤᠯᠠᠭᠠᠨᠪᠠᠯᠭᠠᠰᠤᠨ ᠤ ᠺᠠᠩ ᠨᠢᠩ ᠨᠡᠶᠢᠭᠡᠮ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ 2022 ᠣᠨ ᠳᠤ ᠵᠢᠩᠬᠢᠨᠢ ᠪᠠᠷ ᠪᠠᠶᠢᠭᠤᠯᠤᠭᠳᠠᠭᠰᠠᠨ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠣᠯᠠᠨ ᠠᠷᠭ᠎ᠠ ᠵᠠᠮ ᠢᠶᠠᠷ ᠢᠳᠡᠪᠬᠢᠲᠡᠢ ᠥᠷᠨᠢᠭᠦᠯᠦᠨ᠂ ︽ᠳᠥᠷᠪᠡ ᠶᠢ ᠬᠦᠨᠳᠦᠳᠬᠡᠬᠦ᠂ ᠲᠠᠪᠤ ᠶᠢ ᠬᠠᠯᠠᠮᠵᠢᠯᠠᠬᠤ᠂ ᠵᠢᠷᠭᠤᠭ᠎ᠠ ᠶᠢ ᠵᠠᠪᠠᠯ ᠰᠤᠷᠪᠤᠯᠵᠢᠯᠠᠬᠤ︾ ᠠᠵᠢᠯᠯᠠᠭ᠎ᠠ ᠶᠢ ᠴᠢᠩᠭᠠᠳᠬᠠᠵᠤ᠂ ︽ᠭᠤᠷᠪᠠᠨ ᠰᠡᠳᠬᠢᠯ ᠤᠨ ᠦᠢᠯᠡᠴᠢᠯᠡᠭᠡ︾ ᠶᠢᠨ ᠵᠠᠭᠪᠤᠷ ᠲᠤ ᠲᠦᠰᠢᠭᠯᠡᠨ ᠬᠠᠷᠢᠶ᠎ᠠ ᠣᠷᠣᠨ ᠳᠠᠬᠢ ᠴᠡᠷᠢᠭ ᠤᠨ ᠠᠯᠪᠠ ᠠᠴᠠ ᠬᠠᠯᠠᠭᠳᠠᠭᠰᠠᠳ᠂ ᠠᠰᠠᠷᠠᠨ ᠬᠠᠷᠠᠭᠠᠯᠵᠠᠭᠤᠯᠤᠭᠴᠢ᠂ ᠠᠯᠪᠠ ᠬᠠᠭᠠᠵᠤ ᠪᠠᠶᠢᠭ᠎ᠠ ᠴᠡᠷᠢᠭ ᠤᠨ ᠭᠡᠷ ᠪᠦᠯᠢ ᠳᠤ ᠡᠮᠬᠢ ᠵᠢᠷᠤᠮ ᠲᠠᠢ᠂ ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠬᠠᠩᠭᠠᠭᠰᠠᠭᠠᠷ ᠢᠷᠡᠪᠡ᠃      ᠨᠢᠭᠡ᠂ ᠤᠭ ᠰᠠᠨᠠᠭ᠎ᠠ ᠪᠠᠨ ᠪᠠᠷᠢᠮᠲᠠᠯᠠᠵᠤ᠂ ᠰᠢᠯᠢᠳᠡᠭ ᠬᠠᠭᠤᠳᠠᠰᠤ ᠶᠢ ᠪᠢᠴᠢᠭᠯᠡᠪᠡ᠃ ᠤᠯᠠᠭᠠᠨᠪᠠᠯᠭᠠᠰᠤᠨ ᠤ ᠺᠠᠩ ᠨᠢᠩ ᠨᠡᠶᠢᠭᠡᠮ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠶᠢᠨ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠪᠣᠳᠠᠲᠠᠢ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠩᠨᠡᠭᠡᠨ ᠤ ᠪᠠᠶᠢᠭᠤᠯᠤᠯᠲᠠ ᠶᠢ ᠵᠢᠷᠤᠮᠵᠢᠭᠤᠯᠤᠨ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠥᠷᠲᠡᠭᠡᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠰᠠᠭᠤᠭᠠᠯᠢ ᠠᠷᠠᠳ ᠤᠨ ᠵᠥᠪᠯᠡᠯ ᠤᠨ ᠳᠡᠳ᠋ ᠡᠷᠬᠢᠯᠡᠭᠴᠢ ᠥᠷᠲᠡᠭᠡᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠂ ᠨᠡᠶᠢᠭᠡᠮ ᠲᠣᠭᠤᠷᠢᠭ ᠤᠨ ᠠᠵᠢᠯᠲᠠᠨ ᠲᠤᠰᠬᠠᠢ ᠲᠤᠰᠢᠶᠠᠯᠲᠤ ᠠᠵᠢᠯᠲᠠᠨ ᠤ ᠲᠤᠰᠢᠶᠠᠯ ᠢ ᠡᠭᠦᠷᠭᠡᠯᠡᠭᠰᠡᠨ ︽ᠪᠦᠬᠦ ᠣᠷᠣᠨ ᠪᠦᠰᠡ ᠶᠢ ᠬᠠᠮᠤᠷᠤᠭᠰᠠᠨ᠂ ᠲᠤᠰᠬᠠᠢ ᠮᠡᠷᠭᠡᠵᠢᠯ ᠤᠨ ᠵᠢᠷᠤᠮᠵᠢᠭᠰᠠᠨ︾ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠪᠠᠶᠢᠭᠤᠯᠤᠮᠵᠢ ᠶᠢ ᠪᠠᠶᠢᠭᠤᠯᠤᠭᠰᠠᠨ ᠪᠥᠭᠡᠳ ᠠᠯᠪᠠ ᠬᠠᠭᠠᠵᠤ ᠪᠠᠶᠢᠭ᠎ᠠ ᠴᠡᠷᠢᠭ ᠵᠢᠴᠢ ᠠᠰᠠᠷᠠᠨ ᠬᠠᠷᠠᠭᠠᠯᠵᠠᠭᠤᠯᠤᠭᠴᠢ ᠶᠢᠨ ᠡᠯ᠎ᠡ ᠵᠦᠢᠯ ᠤᠨ ᠬᠡᠷᠡᠭ ᠶᠠᠪᠤᠳᠠᠯ ᠤᠨ ᠲᠤᠬᠠᠢ ᠠᠰᠠᠭᠤᠨ ᠯᠠᠪᠯᠠᠬᠤ ᠵᠢᠴᠢ ᠰᠢᠢᠳᠪᠦᠷᠢᠯᠡᠬᠦ ᠶᠠᠪᠤᠴᠠ ᠶᠢ ᠡᠮᠬᠢᠯᠡᠵᠦ᠂ ᠭᠤᠣᠯᠳᠠᠯᠭ᠎ᠠ ᠲᠠᠢ ᠠᠰᠠᠷᠠᠨ ᠬᠠᠷᠠᠭᠠᠯᠵᠠᠭᠤᠯᠤᠭᠴᠢ ᠶᠢᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠨ᠂ ᠦᠨᠳᠦᠰᠦᠨ ᠪᠠᠶᠢᠳᠠᠯ ᠢ ᠲᠣᠳᠣᠷᠬᠠᠢ ᠣᠶᠢᠯᠠᠭᠠᠵᠤ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠦᠢᠯᠡᠴᠢᠯᠡᠭᠡ ᠶᠢ ᠪᠠᠲᠤᠯᠠᠬᠤ ︽ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠰᠢᠢᠳᠪᠦᠷᠢᠯᠡᠪᠡ᠃       ᠬᠤᠶᠠᠷ᠂ ᠦᠨᠡᠨ ᠰᠡᠳᠬᠢᠯ ᠠᠴᠠ ᠪᠠᠨ ᠦᠢᠯᠡᠴᠢᠯᠡᠵᠦ᠂ ᠠᠮᠵᠢᠯᠲᠠᠲᠠᠢ ᠬᠠᠭᠤᠳᠠᠰᠤ ᠶᠢ ᠪᠢᠴᠢᠭᠯᠡᠪᠡ᠃ ᠺᠠᠩ ᠨᠢᠩ ᠨᠡᠶᠢᠭᠡᠮ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ︽ᠰᠣᠶᠣᠯ ᠢ ᠬᠠᠮᠲᠤ ᠪᠠᠷ ᠡᠳ᠋ᠯᠡᠭᠰᠡᠨ ᠬᠥᠭ ᠨᠠᠷᠭᠢᠶᠠᠨᠲᠤ ᠺᠠᠨᠭ᠌ ᠨᠢᠩ ᠨᠡᠶᠢᠭᠡᠮ ᠲᠣᠭᠤᠷᠢᠭ︾ ᠤᠨ ᠦᠢᠯᠡᠴᠢᠯᠡᠭᠡᠨ ᠤ ᠨᠡᠷᠡᠲᠦ ᠲᠡᠮᠳᠡᠭ ᠲᠤ ᠲᠦᠰᠢᠭᠯᠡᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠬᠦᠴᠦᠯᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠰᠡᠳᠬᠢᠯ ᠢ ᠳᠤᠯᠠᠭᠠᠴᠠᠭᠤᠯᠬᠤ ᠪᠠᠶᠠᠯᠢᠭ ᠠᠭᠤᠯᠭ᠎ᠠ ᠪᠦᠬᠦᠢ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠨ᠂ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠤᠨ ᠲᠣᠬᠤᠨᠢᠭᠤᠯᠭ᠎ᠠ᠂ ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠭᠤᠣᠯ ᠰᠡᠳᠦᠪᠲᠦ ᠠᠵᠢᠯᠯᠠᠭ᠎ᠠ᠂ ︽ᠴᠡᠷᠢᠭ ᠤᠨ ᠡᠪᠦᠭᠡ ᠡᠮᠡᠭᠡ ᠶᠢ ᠵᠠᠯᠠᠵᠤ ᠬᠤᠭᠤᠯᠠ ᠢᠳᠡᠭᠦᠯᠦᠶ᠎ᠡ︾᠂ ︽ᠥᠯᠵᠡᠶᠢᠲᠦ ᠡᠳᠦᠷ ᠤᠨ ᠪᠠᠶᠠᠷ ᠢ ᠬᠠᠮᠲᠤ ᠪᠠᠷ ᠪᠡᠯᠭᠡᠯᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠰᠡᠳᠬᠢᠯ ᠢ ᠳᠤᠯᠠᠭᠠᠴᠠᠭᠤᠯᠤᠶ᠎ᠠ︾᠂ ᠤᠲᠤᠭ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠪᠣᠯᠣᠨ ᠤᠯᠠᠭᠠᠨᠪᠠᠯᠭᠠᠰᠤ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠦᠢᠯᠡᠴᠢᠯᠡᠭᠡᠨ ᠤ ᠦᠷᠳᠡᠭᠡ ᠲᠠᠢ ᠬᠠᠮᠲᠤᠷᠠᠨ ︽ᠰᠡᠳᠬᠢᠯ ᠰᠡᠳᠬᠢᠯ ᠢᠶᠠᠨ ᠨᠢᠭᠡᠳᠬᠡᠨ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠵᠦ᠂ ᠭᠠᠷ ᠭᠠᠷ ᠢᠶᠠᠨ ᠬᠤᠯᠪᠣᠯᠴᠠᠨ ᠦᠨᠳᠦᠰᠦᠲᠡᠨ ᠨᠦᠭᠦᠳ ᠨᠢᠭᠲᠠᠷᠠᠨ ᠪᠦᠯᠬᠦᠮᠳᠡᠬᠦ︾ ᠬᠥᠷᠰᠢ ᠵᠡᠷᠭᠡᠯᠡᠳᠡᠭᠡ ᠶᠢᠨ ᠰᠣᠶᠣᠯ ᠤᠨ ᠨᠠᠶᠢᠷ ᠵᠡᠷᠭᠡ ᠠᠵᠢᠯᠯᠠᠭ᠎ᠠ ᠶᠢ ᠤᠷᠢᠳ ᠬᠤᠵᠢᠳ 10 ᠭᠠᠷᠤᠢ ᠤᠳᠠᠭ᠎ᠠ ᠥᠷᠨᠢᠭᠦᠯᠵᠦ᠂ 800 ᠭᠠᠷᠤᠢ ᠬᠥᠮᠥᠨ ᠣᠷᠣᠯᠴᠠᠪᠠ᠃ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ᠂ ᠨᠣᠮ ᠤᠨ ᠥᠷᠥᠭᠡ᠂ ᠨᠠᠰᠤᠲᠠᠶᠢᠴᠤᠳ ᠲᠤ ᠦᠢᠯᠡᠴᠢᠯᠡᠬᠦ ᠬᠤᠭᠤᠯᠠᠨ ᠭᠡᠷ ᠵᠡᠷᠭᠡ ᠲᠠᠢ ᠤᠶᠠᠯᠳᠤᠭᠤᠯᠤᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠵᠠᠷᠤᠳᠠᠯ ᠬᠤᠷᠢᠶᠠᠬᠤ ᠦᠭᠡᠢ ᠪᠠᠷ ᠠᠯᠪᠠᠨ ᠵᠢᠷᠤᠮ ᠤᠨ ᠡᠮᠴᠢᠯᠡᠭᠡ ᠬᠢᠬᠦ᠂ ᠦᠰᠦ ᠵᠠᠰᠠᠬᠤ᠂ ᠬᠠᠶᠢᠷᠠᠯᠠᠨ ᠬᠠᠯᠠᠮᠵᠢᠯᠠᠬᠤ ᠵᠡᠷᠭᠡ ᠦᠢᠯᠡᠴᠢᠯᠡᠭᠡ ᠶᠢ ᠪᠠᠶᠢᠩᠭᠤ ᠥᠷᠨᠢᠭᠦᠯᠬᠦ ᠶᠢᠨ ᠬᠠᠮᠲᠤ ᠸᠢᠴᠠᠲ ᠤᠨ ᠨᠡᠶᠢᠲᠡ ᠶᠢᠨ ᠳ᠋ᠤᠭᠠᠷ᠂ ᠰᠦᠯᠵᠢᠶᠡᠨ ᠤ ᠬᠤᠯᠪᠣᠭ᠎ᠠ ᠵᠡᠷᠭᠡ ᠰᠦᠯᠵᠢᠶᠡᠨ ᠤ ᠲᠠᠪᠴᠠᠩ ᠢ ᠭᠦᠢᠴᠡᠳ ᠠᠰᠢᠭᠯᠠᠵᠤ᠂ ᠬᠠᠮᠢᠶ᠎ᠠ ᠪᠦᠬᠦᠢ ᠦᠢᠯᠡᠴᠢᠯᠡᠭᠡᠨ ᠤ ᠠᠷᠭ᠎ᠠ ᠬᠡᠮᠵᠢᠶ᠎ᠡ᠂ ᠠᠷᠠᠳ ᠲᠤ ᠲᠥᠬᠦᠮ ᠦᠵᠡᠭᠦᠯᠬᠦ ᠮᠡᠳᠡᠭᠡ ᠵᠠᠩᠭᠢ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠠᠮᠤᠷ ᠲᠦᠪᠰᠢᠨ ᠤ ᠰᠠᠨᠠᠭᠤᠯᠤᠮᠵᠢ ᠵᠡᠷᠭᠡ ᠠᠭᠤᠯᠭ᠎ᠠ ᠶᠢ ᠴᠠᠭ ᠲᠤᠬᠠᠢ ᠳᠤᠨᠢ ᠨᠡᠶᠢᠲᠡᠯᠡᠨ᠂ ᠬᠥᠳᠡᠯᠵᠦ ᠪᠠᠷᠢᠬᠤ ᠳᠤ ᠳᠥᠭᠦᠮ ᠦᠭᠡᠢ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠭᠡᠷ ᠪᠦᠯᠢ ᠶᠢᠨ  ᠬᠢᠨ ᠳᠤ ᠲᠣᠭᠲᠠᠮᠠᠯ ᠬᠤᠭᠤᠴᠠᠭ᠎ᠠ ᠲᠠᠢ ᠪᠠᠷ ᠭᠡᠷ ᠲᠤᠨᠢ ᠬᠦᠷᠴᠦ ᠦᠢᠯᠡᠴᠢᠯᠡᠬᠦ ᠦᠢᠯᠡᠴᠢᠯᠡᠭᠡ ᠬᠠᠩᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠪᠠᠲᠤᠯᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠲᠤ ︽ᠭᠡᠷ ᠪᠦᠯᠢ︾ ᠶᠢᠨ ᠬᠠᠯᠠᠭᠤᠨ ᠳᠤᠯᠠᠭᠠᠨ ᠢ ᠦᠨᠡᠨᠬᠦ ᠮᠡᠳᠡᠷᠡᠭᠦᠯᠵᠦ᠂ ᠵᠣᠬᠢᠶᠠᠨ ᠪᠠᠶᠢᠭᠤᠯᠤᠯᠲᠠ ᠶᠢᠨ  ᠬᠠᠶᠢᠷ᠎ᠠ ᠬᠠᠯᠠᠮᠵᠢ ᠶᠢ ᠬᠦᠷᠲᠡᠭᠡᠪᠡ᠃ ᠨᠡᠶᠢᠭᠡᠮ ᠲᠣᠭᠤᠷᠢᠭ ᠠᠴᠠ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠣᠨᠣᠯ ᠤᠨ ᠨᠣᠮ ᠪᠢᠴᠢᠭ ᠪᠠ ᠨᠠᠮ ᠤᠨ ᠲᠡᠦᠬᠡ ᠶᠢᠨ ᠮᠠᠲ᠋ᠧᠷᠢᠶᠠᠯ ᠢ ᠤᠩᠰᠢᠬᠤ᠂ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠹᠢᠯᠢᠮ ᠢ ᠰᠣᠨᠢᠷᠬᠠᠬᠤ ᠲᠠᠯᠠᠪᠤᠷ ᠭᠠᠷᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠵᠣᠬᠢᠶᠠᠨ ᠪᠠᠶᠢᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠣᠴᠢᠭᠤᠯᠤᠨ ᠮᠡᠳᠡᠯᠭᠡ ᠶᠢᠨ ᠲᠠᠶᠢᠯᠤᠮᠵᠢ ᠵᠢᠴᠢ ᠮᠡᠳᠡᠯᠭᠡ ᠶᠢᠨ ᠤᠷᠤᠯᠳᠤᠭᠠᠨ ᠵᠡᠷᠭᠡ ᠠᠵᠢᠯᠯᠠᠭ᠎ᠠ ᠳᠤ ᠣᠷᠣᠯᠴᠠᠭᠤᠯᠵᠤ᠂ ᠨᠡᠶᠢᠭᠡᠮ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠦᠷᠳᠡᠭᠡ ᠶᠢ ᠨᠡᠩ ᠢᠯᠡᠭᠦᠦ ︽ᠳᠤᠯᠠᠭᠠᠴᠠ︾ ᠪᠠ ︽ᠥᠷᠭᠡᠴᠡ︾ ᠲᠠᠢ ᠪᠣᠯᠭᠠᠪᠠ᠃      ᠭᠤᠷᠪᠠ᠂ ᠰᠡᠳᠬᠢᠯ ᠢ ᠨᠢ ᠳᠤᠯᠠᠭᠠᠴᠠᠭᠤᠯᠵᠤ ᠬᠦᠴᠢᠷᠳᠡᠯ ᠢ ᠨᠢ ᠰᠢᠢᠳᠪᠦᠷᠢᠯᠡᠨ᠂ ︽ᠳᠤᠯᠠᠭᠠᠨ︾ ᠬᠠᠭᠤᠳᠠᠰᠤ ᠶᠢ ᠪᠢᠴᠢᠭᠯᠡᠪᠡ᠃ ᠺᠠᠩ ᠨᠢᠩ ᠨᠡᠶᠢᠭᠡᠮ ᠲᠣᠭᠤᠷᠢᠭ ᠲᠣᠣᠷᠴᠢᠯᠠᠭᠰᠠᠨ ᠬᠠᠮᠢᠶᠠᠷᠤᠯᠲᠠ ᠶᠢᠨ ᠳᠦᠷᠢᠮ ᠲᠠᠢ ᠤᠶᠠᠯᠳᠤᠭᠤᠯᠤᠨ᠂ ᠨᠡᠶᠢᠭᠡᠮ ᠲᠣᠭᠤᠷᠢᠭ ᠤᠨ ᠠᠵᠢᠯᠲᠠᠨ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠲᠣᠭᠲᠠᠮᠠᠯ ᠬᠤᠭᠤᠴᠠᠭ᠎ᠠ ᠲᠠᠢ ᠪᠠᠷ ᠬᠡᠰᠡᠭ ᠢᠶᠠᠷ ᠳᠠᠭᠠᠭᠠᠴᠢᠯᠠᠵᠤ ᠪᠠᠶᠢᠭ᠎ᠠ ᠭᠠᠵᠠᠷ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠦᠯᠦᠭᠴᠢ ᠶᠢᠨ ᠪᠠᠶᠢᠳᠠᠯ ᠢ ᠣᠶᠢᠯᠠᠭᠠᠨ᠂ ᠠᠭᠤᠯᠵᠠᠨ ᠶᠠᠷᠢᠯᠴᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠮᠢᠳᠤᠷᠠᠯ ᠤᠨ ᠣᠳᠣᠬᠢ ᠪᠠᠶᠢᠳᠠᠯ᠂ ᠡᠷᠡᠭᠦᠯ ᠮᠡᠨᠳᠦ ᠪᠠ ᠠᠵᠢᠯ ᠣᠯᠭᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠨ᠂ ᠬᠠᠷᠢᠶ᠎ᠠ ᠣᠷᠣᠨ ᠳᠠᠬᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠨᠳᠦᠰᠦᠨ ᠪᠠᠶᠢᠳᠠᠯ ᠬᠢᠭᠡᠳ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠡᠵᠡᠮᠰᠢᠵᠦ᠂ ᠪᠠᠶᠢᠩᠭᠤ ᠬᠠᠷᠢᠯᠴᠠᠬᠤ ᠪᠠ ᠪᠠᠶᠠᠷ ᠳᠤᠷᠠᠰᠬᠠᠯ ᠤᠨ ᠡᠳᠦᠷ ᠭᠡᠷ ᠲᠤ ᠨᠢ ᠣᠴᠢᠬᠤ ᠬᠡᠯᠪᠡᠷᠢ ᠪᠠᠷ ᠲᠡᠳᠡᠨ ᠳᠤ ᠨᠠᠩ ᠨᠠᠷᠢᠯᠢᠭ ᠣᠨᠣᠪᠴᠢᠲᠠᠶ ᠪᠠᠲᠤᠯᠠᠭ᠎ᠠ ᠶᠢᠨ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠳᠤ ᠲᠦᠰᠢᠭᠯᠡᠨ᠂ ᠰᠡᠳᠬᠢᠴᠡ ᠶᠢᠨ ᠵᠥᠪᠯᠡᠯᠭᠡ ᠥᠭᠬᠦ ᠲᠠᠰᠤᠭ᠂ ᠰᠡᠳᠬᠢᠯ ᠤᠨ ᠦᠭᠡ ᠪᠠᠨ ᠶᠠᠷᠢᠯᠴᠠᠬᠤ ᠲᠠᠰᠤᠭ ᠭᠠᠷᠭᠠᠵᠤ᠂ ᠰᠡᠳᠬᠢᠴᠡ ᠶᠢᠨ ᠬᠠᠯᠠᠮᠵᠢ ᠶᠢᠨ ᠦᠢᠯᠡᠴᠢᠯᠡᠭᠡ ᠬᠠᠩᠭᠠᠪᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠤᠲᠤᠭ ᠲᠠᠭᠠᠨ ᠬᠠᠷᠢᠬᠤ ᠳᠤ ᠵᠣᠬᠢᠴᠠᠬᠤ ᠴᠢᠨᠠᠷᠲᠠᠢ ᠪᠣᠯᠪᠠᠰᠤᠷᠠᠯ ᠬᠢᠵᠦ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠬᠤᠯᠠᠴᠢᠯᠠᠨ᠂ ᠲᠡᠳᠡᠨ ᠤ ᠰᠡᠳᠬᠢᠯ ᠤᠨ ᠳᠠᠷᠤᠭᠠᠰᠤ ᠶᠢ ᠨᠢ ᠬᠥᠩᠭᠡᠯᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠮᠢᠳᠤᠷᠠᠯ ᠤᠨ ᠬᠦᠰᠡᠯ ᠱᠠᠭᠠᠷᠳᠠᠯᠭ᠎ᠠ᠂ ᠬᠦᠴᠢᠷᠳᠡᠯ ᠤᠨ ᠭᠤᠶᠤᠴᠢᠯᠠᠯ᠂ ᠲᠤᠬᠠᠶᠢᠯᠠᠭᠰᠠᠨ ᠠᠵᠢᠯ ᠤᠨ ᠵᠥᠪᠯᠡᠯᠭᠡ ᠵᠡᠷᠭᠡ ᠡᠯ᠎ᠡ ᠲᠥᠷᠥᠯ ᠤᠨ ᠬᠦᠰᠡᠯ ᠱᠠᠭᠠᠷᠳᠠᠯᠭ᠎ᠠ ᠶᠢ ᠤᠷᠢᠳ ᠬᠤᠵᠢᠳ 20 ᠭᠠᠷᠤᠢ ᠵᠣᠬᠢᠴᠠᠭᠤᠯᠤᠨ ᠰᠢᠢᠳᠪᠦᠷᠢᠯᠡᠪᠡ᠃ ᠨᠡᠶᠢᠭᠡᠮ ᠲᠣᠭᠤᠷᠢᠭ ᠤᠨ ᠬᠢᠨ ᠪᠠᠰᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠭᠡᠷ ᠪᠦᠯᠢ ᠳᠤ ᠦᠢᠯᠡᠴᠢᠯᠡᠬᠦ ᠠᠵᠢᠯ ᠢ ᠰᠠᠶᠢᠲᠤᠷ ᠬᠢᠬᠦ ᠶᠢ ᠴᠢᠬᠤᠯᠠᠴᠢᠯᠠᠵᠤ᠂ ᠰᠠᠭᠤᠭᠠᠯᠢ ᠠᠷᠠᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠲᠣᠭᠲᠠᠭᠠᠵᠤ᠂ ᠬᠠᠷᠢᠶ᠎ᠠ ᠲᠣᠭᠤᠷᠢᠭ ᠲᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠭᠡᠷ ᠪᠦᠯᠢ ᠤᠯᠠᠨ ᠪᠠᠶᠢᠬᠤ ᠣᠨᠴᠠᠯᠢᠭ ᠲᠤ ᠴᠢᠭᠯᠡᠭᠦᠯᠦᠨ᠂ ᠦᠨᠳᠦᠰᠦᠲᠡᠨ ᠤ ᠭᠠᠷ ᠤᠷᠠᠯᠠᠯ ᠪᠣᠯᠣᠨ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠪᠣᠯᠪᠠᠰᠤᠷᠠᠯ ᠤᠨ ᠬᠢᠴᠢᠶᠡᠯ ᠵᠡᠷᠭᠡ ᠶᠢ ᠡᠷᠬᠢᠯᠡᠵᠦ᠂ ᠴᠡᠷᠢᠭ ᠤᠨ ᠭᠡᠷ ᠪᠦᠯᠢ ᠶᠢ ᠲᠠᠶᠢᠴᠢᠯᠠᠨ ᠲᠠᠬᠢᠨ ᠠᠵᠢᠯ ᠣᠯᠭᠤᠵᠠᠢ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠠᠴᠠ ᠪᠠᠰᠠ ᠠᠯᠪᠠ ᠬᠠᠭᠠᠵᠤ ᠪᠠᠶᠢᠭ᠎ᠠ ᠴᠡᠷᠢᠭ ᠤᠨ ᠭᠡᠷ ᠪᠦᠯᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠭᠡᠷ ᠪᠦᠯᠢ ᠶᠢ ᠵᠣᠬᠢᠶᠠᠨ ᠪᠠᠶᠢᠭᠤᠯᠵᠤ ᠭᠡᠷ ᠪᠦᠯᠢ ᠶᠢᠨ ᠲᠠᠮᠢᠷ ᠤᠨ ᠴᠤᠭᠯᠠᠭᠠᠨ᠂ ᠰᠢᠨᠵᠢᠯᠡᠬᠦ ᠤᠬᠠᠭᠠᠨ ᠤ ᠰᠤᠳᠤᠯᠭᠠᠨ ᠰᠤᠷᠤᠯᠴᠠᠯᠭ᠎ᠠ ᠵᠡᠷᠭᠡ ᠠᠵᠢᠯᠯᠠᠭ᠎ᠠ ᠶᠢ 5 ᠤᠳᠠᠭ᠎ᠠ ᠥᠷᠨᠢᠭᠦᠯᠵᠦ᠂ 300 ᠭᠠᠷᠤᠢ ᠬᠥᠮᠥᠨ ᠤᠳᠠᠭ᠎ᠠ ᠳᠤ ᠠᠰᠢᠭ ᠬᠦᠷᠲᠡᠭᠡᠭᠰᠡᠨ ᠪᠠᠶᠢᠨ᠎ᠠ᠃      ᠳᠠᠷᠠᠭᠠᠴᠢ ᠪᠠᠷ᠂ ᠺᠠᠩ ᠨᠢᠩ ᠨᠡᠶᠢᠭᠡᠮ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠦᠷᠳᠡᠭᠡ ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠦᠨᠡᠨ ᠰᠡᠳᠬᠢᠯ ᠠᠴᠠ ᠪᠠᠨ ᠬᠠᠯᠠᠮᠵᠢᠯᠠᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠦᠨᠡᠨᠬᠦ ᠨᠡᠮᠡᠭᠳᠡᠭᠦᠯᠵᠦ᠂ ︽ᠭᠤᠷᠪᠠᠨ ᠰᠡᠳᠬᠢᠯ ᠤᠨ ᠦᠢᠯᠡᠴᠢᠯᠡᠭᠡ︾ ᠶᠢᠨ ᠵᠠᠭᠪᠤᠷ ᠢ ᠴᠢᠨᠠᠭᠰᠢᠳᠠ ᠭᠦᠨᠵᠡᠭᠡᠶᠢᠷᠡᠭᠦᠯᠦᠨ᠂ ᠴᠡᠷᠢᠭ ᠢ ᠬᠦᠨᠳᠦᠳᠬᠡᠬᠦ ᠣᠷᠴᠢᠨ ᠠᠬᠤᠢ ᠶᠢ ᠬᠠᠮᠲᠤᠪᠠᠷ ᠪᠤᠢ ᠪᠣᠯᠭᠠᠵᠤ᠂ ᠴᠡᠷᠢᠭ ᠢ ᠪᠦᠬᠦ ᠨᠡᠶᠢᠭᠡᠮ ᠢᠶᠠᠷ ᠢᠶᠠᠨ ᠬᠦᠨᠳᠦᠳᠬᠡᠬᠦ ᠠᠵᠢᠯ ᠮᠡᠷᠭᠡᠵᠢᠯ ᠪᠣᠯᠭᠠᠨ᠎ᠠ᠃ 
ᠢᠷᠡᠯᠲᠡ᠄ ᠤᠯᠠᠭᠠᠨᠪᠠᠯᠭᠠᠰᠤ