ᠪᠠᠭ᠎ᠠ ᠶᠠᠪᠤᠳᠠᠯ ᠠᠴᠠ ᠡᠭᠦᠷᠭᠡ ᠬᠠᠷᠢᠭᠤᠴᠠᠯᠭ᠎ᠠ ᠳᠣᠲᠤᠷᠠᠵᠤ᠂ ᠪᠣᠳᠠᠲᠤ ᠶᠠᠪᠤᠳᠠᠯ ᠠᠴᠠ ᠦᠨᠡᠨᠴᠢ ᠰᠡᠳᠬᠢᠯᠭᠡ ᠢᠯᠡᠷᠡᠨ᠎ᠡ᠃ ᠥᠨᠳᠥᠷ ᠨᠠᠰᠤᠲᠠᠨ ᠤ | ᠨᠥᠬᠦᠪᠦᠷᠢ ᠶᠢᠨ ᠤᠯᠠᠷᠢᠯ ᠤᠨ ᠭᠡᠷᠡᠴᠢᠯᠡᠯ ᠤᠨ ᠠᠵᠢᠯ ᠢ ᠦᠨᠡᠨᠬᠦ ᠰᠠᠶᠢᠲᠤᠷ ᠬᠢᠵᠦ᠂ ᠬᠠᠷᠢᠶ᠎ᠠ ᠣᠷᠣᠨ ᠳᠠᠬᠢ ᠨᠠᠰᠤᠲᠠᠶᠢᠴᠤᠳ ᠤᠨ ᠠᠮᠢᠳᠤᠷᠠᠯ ᠤᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠨ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠠᠷᠭ᠎ᠠ ᠬᠡᠯᠪᠡᠷᠢ ᠶᠢ ᠰᠢᠯᠢᠳᠡᠭᠵᠢᠭᠦᠯᠬᠦ ᠶᠢᠨ ᠲᠥᠯᠥᠭᠡ᠂ ᠦᠵᠦᠭᠦᠷ ᠨᠡᠶᠢᠭᠡᠮ | ᠲᠣᠭᠤᠷᠢᠭ ᠤᠨ ᠬᠢᠨ ᠤᠯᠠᠨ ᠲᠦᠮᠡᠨ ᠤ ᠳᠡᠷᠭᠡᠳᠡᠬᠢ ︽ᠠᠮᠢᠳᠤᠷᠠᠯ ᠤᠨ ᠵᠢᠵᠢᠭ ᠰᠠᠵᠢᠭ ᠶᠠᠪᠤᠳᠠᠯ︾ ᠢ ᠴᠢᠬᠤᠯᠠᠴᠢᠯᠠᠨ ᠦᠵᠡᠵᠦ᠂ ︽ᠬᠠᠮᠵᠢᠯᠴᠠᠬᠤ + ᠭᠡᠷ ᠲᠤᠨᠢ | ᠬᠦᠷᠴᠦ ᠭᠦᠢᠴᠡᠳᠬᠡᠬᠦ︾ ᠦᠢᠯᠡᠴᠢᠯᠡᠭᠡᠨ ᠤ ᠬᠡᠯᠪᠡᠷᠢ ᠪᠠᠷ ᠨᠠᠰᠤᠲᠠᠶᠢᠴᠤᠳ ᠲᠤ ᠦᠨᠡᠨ ᠰᠡᠳᠬᠢᠯ ᠠᠴᠠ ᠪᠠᠨ ᠪᠣᠳᠠᠲᠠᠢ ᠰᠠᠶᠢᠨ ᠶᠠᠪᠤᠳᠠᠯ ᠬᠢᠵᠦ᠂ ᠬᠦᠴᠢᠷᠳᠡᠯ ᠢ ᠨᠢ | ᠰᠢᠢᠳᠪᠦᠷᠢᠯᠡᠵᠦ ᠥᠭᠭᠦᠨ᠂ ᠬᠠᠷᠢᠶ᠎ᠠ ᠣᠷᠣᠨ ᠳᠠᠬᠢ ᠨᠠᠰᠤᠲᠠᠶᠢᠴᠤᠳ ᠤᠨ ᠵᠣᠯ ᠵᠢᠷᠭᠠᠯᠲᠤ ᠲᠥᠷᠥᠭᠳᠡᠯ ᠢ ᠨᠢ ᠨᠡᠮᠡᠭᠳᠡᠭᠦᠯᠪᠡ᠃ | ᠦᠵᠦᠭᠦᠷ ᠨᠡᠶᠢᠭᠡᠮ ᠲᠣᠭᠤᠷᠢᠭ ᠤᠨ ᠬᠢᠨ ᠥᠨᠳᠥᠷ ᠨᠠᠰᠤᠲᠠᠨ ᠤ ᠡᠬᠡ ᠲᠠᠩᠰᠠ ᠶᠢ ᠨᠠᠷᠢᠨ ᠡᠮᠬᠢᠯᠡᠵᠦ᠂ ᠪᠢᠴᠢᠭᠰᠡᠨ ᠱᠣᠰᠢᠭ᠎ᠠ ᠪᠠᠷ ᠰᠠᠨᠠᠭᠤᠯᠬᠤ᠂ ᠸᠢᠴᠠᠲ | ᠲᠠᠪᠴᠠᠩ ᠢᠶᠠᠷ ᠳᠠᠮᠵᠢᠭᠤᠯᠬᠤ᠂ ᠰᠦᠯᠵᠢᠶᠡᠨ ᠤ ᠬᠤᠯᠪᠣᠭ᠎ᠠ ᠪᠠᠷ ᠤᠬᠠᠭᠤᠯᠬᠤ᠂ ᠤᠲᠠᠰᠤ ᠪᠠᠷ ᠰᠠᠨᠠᠭᠤᠯᠬᠤ ᠵᠡᠷᠭᠡ ᠠᠷᠭ᠎ᠠ ᠬᠡᠯᠪᠡᠷᠢ ᠪᠠᠷ ᠬᠠᠷᠢᠶ᠎ᠠ ᠲᠣᠭᠤᠷᠢᠭ ᠤᠨ | ᠰᠠᠭᠤᠭᠠᠯᠢ ᠠᠷᠠᠳ ᠲᠤ ᠥᠨᠳᠥᠷ ᠨᠠᠰᠤᠲᠠᠨ ᠤ ᠨᠥᠬᠦᠪᠦᠷᠢ ᠶᠢᠨ ᠭᠡᠷᠡᠴᠢᠯᠡᠯ ᠤᠨ ᠴᠠᠭ ᠪᠠ ᠠᠷᠭ᠎ᠠ ᠶᠢ ᠲᠦᠭᠡᠮᠡᠯᠵᠢᠭᠦᠯᠵᠦ᠂ ᠭᠡᠷᠡᠴᠢᠯᠡᠯ ᠤᠨ ᠦᠶᠡᠯᠡᠯ ᠤᠨ | ᠬᠤᠭᠤᠴᠠᠭ᠎ᠠ ᠪᠦᠷᠢ ᠳᠤ ᠨᠠᠰᠤᠲᠠᠨ ᠤ ᠭᠡᠷᠡᠴᠢᠯᠡᠯ ᠢ ᠴᠠᠭ ᠲᠤᠬᠠᠢ ᠳᠤᠨᠢ ᠬᠢᠪᠡ᠃ ᠣᠶᠣᠨᠲᠦ ᠭᠠᠷ ᠤᠲᠠᠰᠤ ᠪᠠᠷ ᠭᠡᠷᠡᠴᠢᠯᠡᠵᠦ ᠳᠡᠶᠢᠯᠬᠦ ᠦᠭᠡᠢ ᠨᠠᠰᠤᠲᠠᠨ ᠳᠤ | ᠠᠵᠢᠯᠲᠠᠳ ᠭᠡᠷᠡᠴᠢᠯᠡᠬᠦ ᠠᠷᠭ᠎ᠠ ᠮᠠᠶ᠋ᠢᠭ᠂ ᠠᠯᠬᠤᠮ ᠳᠠᠷᠠᠭ᠎ᠠ ᠶᠢ ᠨᠠᠷᠢᠨ ᠲᠠᠶᠢᠯᠪᠤᠷᠢᠯᠠᠵᠤ ᠵᠢᠭᠠᠵᠤ ᠥᠭᠭᠦᠨ᠂ ᠲᠡᠳᠡᠨ ᠳᠤ ᠲᠥᠬᠦᠮ ᠦᠵᠡᠭᠦᠯᠵᠦ᠂ ᠭᠡᠷ ᠲᠡᠭᠡᠨ | ᠰᠠᠭᠤᠵᠤ ᠪᠠᠶᠢᠭᠠᠳ ᠭᠦᠢᠴᠡᠳᠬᠡᠵᠦ ᠴᠢᠳᠠᠬᠤ ᠪᠣᠯᠭᠠᠪᠠ᠃ ᠰᠠᠭᠤᠭᠠᠯᠢ ᠠᠷᠠᠳ ᠸᠠᠩ ᠡᠪᠦᠭᠡ ᠡᠮᠡᠭᠡᠨ ᠲᠠᠢ ᠬᠤᠶᠠᠭᠤᠯᠠ ᠪᠠᠨ ᠶᠠᠪᠤᠵᠤ ᠰᠠᠭᠤᠬᠤ ᠳᠤ ᠳᠥᠭᠦᠮ | ᠦᠭᠡᠢ ᠪᠥᠭᠡᠳ ᠨᠠᠰᠤᠲᠠᠶᠢᠴᠤᠳ ᠤᠨ ᠭᠠᠷ ᠤᠲᠠᠰᠤ ᠶᠢ ᠬᠡᠷᠡᠭᠯᠡᠨ᠂ ᠥᠪᠡᠷᠲᠡᠭᠡᠨ ᠭᠡᠷᠡᠴᠢᠯᠡᠵᠦ ᠳᠡᠶᠢᠯᠬᠦ ᠦᠭᠡᠢ ᠪᠠᠶᠢᠳᠠᠯ ᠳᠤ ᠠᠵᠢᠯᠲᠠᠳ | ᠰᠠᠨᠠᠭᠠᠴᠢᠯᠠᠭ᠎ᠠ ᠠᠴᠠ ᠪᠠᠨ ᠨᠠᠰᠤᠲᠠᠨ ᠤ ᠭᠡᠷ ᠲᠤᠨᠢ ᠬᠦᠷᠴᠦ ᠥᠪᠡᠷ ᠤᠨ ᠭᠠᠷ ᠤᠲᠠᠰᠤ ᠪᠠᠷ ᠢᠶᠠᠨ ᠲᠡᠳᠡᠨ ᠳᠤ ᠭᠡᠷᠡᠴᠢᠯᠡᠯ ᠢ ᠨᠢ ᠬᠢᠵᠦ ᠥᠭᠭᠦᠨ᠂ ᠨᠠᠮ ᠪᠠ | ᠤᠯᠤᠰ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠴᠠᠭ ᠲᠤᠬᠠᠢ ᠳᠤᠨᠢ ᠬᠦᠷᠲᠡᠭᠡᠭᠰᠡᠨ ᠮᠥᠷᠲᠡᠭᠡᠨ ᠨᠡᠶᠢᠭᠡᠮ ᠲᠣᠭᠤᠷᠢᠭ ᠤᠨ ᠬᠠᠷᠢᠯᠴᠠᠬᠤ ᠤᠲᠠᠰᠤ ᠶᠢ | ᠦᠯᠡᠳᠡᠭᠡᠨ ᠥᠭᠴᠦ᠂ ᠨᠠᠰᠤᠲᠠᠶᠢᠴᠤᠳ ᠲᠤ ᠭᠡᠷ ᠠᠴᠠ ᠪᠠᠨ ᠭᠠᠷᠬᠤ ᠦᠭᠡᠢ ᠪᠠᠷ ᠰᠢᠯᠢᠳᠡᠭ ᠦᠢᠯᠡᠴᠢᠯᠡᠭᠡ ᠬᠦᠷᠲᠡᠭᠦᠯᠦᠨ᠂ ᠬᠠᠷᠢᠶ᠎ᠠ ᠣᠷᠣᠨ ᠳᠠᠬᠢ ᠣᠯᠠᠨ | ᠲᠦᠮᠡᠨ ᠤ ᠰᠡᠳᠬᠢᠯ ᠢ ᠳᠤᠯᠠᠭᠠᠴᠠᠭᠤᠯᠪᠠ᠃ ᠣᠲᠣ ᠪᠣᠯᠲᠠᠯ᠎ᠠ᠂ ᠲᠣᠰ ᠤᠯᠠᠷᠢᠯ ᠳᠤ ᠨᠡᠶᠢᠲᠡ 72 ᠭᠡᠷᠡᠴᠢᠯᠡᠯ ᠬᠢᠵᠦ᠂ ᠭᠡᠷᠡᠴᠢᠯᠡᠯ ᠤᠨ ᠠᠵᠢᠯ ᠢ 100% ᠪᠠᠷ | ᠪᠡᠶᠡᠯᠡᠭᠦᠯᠦᠭᠰᠡᠨ ᠪᠠᠶᠢᠨ᠎ᠠ᠃ | ᠭᠡᠷᠡᠴᠢᠯᠡᠯ ᠤᠨ ᠠᠵᠢᠯ ᠢ ᠥᠷᠨᠢᠭᠦᠯᠦᠭᠰᠡᠨ ᠨᠢ ᠤᠯᠤᠰ ᠤᠨ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠨᠠᠩ ᠰᠠᠶᠢᠨ | ᠨᠠᠶᠢᠳᠠᠪᠤᠷᠢᠵᠢᠭᠤᠯᠤᠭᠰᠠᠨ ᠢᠶᠠᠷ ᠪᠠᠷᠠᠬᠤ ᠦᠭᠡᠢ᠂ ᠪᠠᠰᠠ ︽ᠣᠷᠣᠰᠢᠨ ᠲᠣᠭᠲᠠᠨᠢᠬᠤ ᠭᠡᠷᠡᠴᠢᠯᠡᠯ︾ ᠢ ︽ᠬᠠᠶᠢᠷ᠎ᠠ ᠬᠠᠯᠠᠮᠵᠢ ᠶᠢᠨ ᠭᠡᠷᠡᠴᠢᠯᠡᠯ︾ ᠪᠣᠯᠭᠠᠵᠠᠢ᠃ | ᠦᠵᠦᠭᠦᠷ ᠨᠡᠶᠢᠭᠡᠮ ᠲᠣᠭᠤᠷᠢᠭ ᠤᠨ ᠬᠢᠨ ᠴᠠᠭ ᠢᠮᠠᠭᠲᠠ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠪᠠᠷ ᠬᠠᠷᠠᠯᠲᠠ ᠪᠠᠨ ᠪᠣᠯᠭᠠᠵᠤ᠂ ᠬᠦᠴᠢᠷ ᠵᠣᠪᠠᠭᠤᠷᠢ ᠶᠢ | ᠨᠢ ᠰᠢᠢᠳᠪᠦᠷᠢᠯᠡᠬᠦ ᠪᠠᠷ ᠬᠠᠷᠢᠭᠤᠴᠠᠯᠭ᠎ᠠ ᠪᠠᠨ ᠪᠣᠯᠭᠠᠨ᠂ ᠨᠡᠶᠢᠭᠡᠮ ᠲᠣᠭᠤᠷᠢᠭ ᠲᠤ ᠬᠦᠷᠴᠦ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠶᠢ ᠡᠷᠦᠭᠡ ᠳᠤ ᠣᠷᠣᠵᠤ | ᠦᠢᠯᠡᠴᠢᠯᠡᠭᠡ ᠬᠦᠷᠭᠡᠬᠦ ᠪᠣᠯᠭᠠᠵᠤ ᠬᠤᠪᠢᠷᠠᠭᠤᠯᠤᠨ᠂ ᠪᠣᠳᠠᠲᠤ ᠶᠠᠪᠤᠳᠠᠯ ᠢ ᠰᠠᠶᠢᠲᠤᠷ ᠬᠢᠵᠦ᠂ ᠪᠠᠭ᠎ᠠ ᠶᠠᠪᠤᠳᠠᠯ ᠠᠴᠠ ᠭᠠᠷᠳᠠᠨ᠂ ᠠᠷᠠᠳ ᠤᠨ ᠠᠮᠢᠳᠤᠷᠠᠯ ᠢ | ᠰᠠᠶᠢᠵᠢᠷᠠᠭᠤᠯᠤᠨ᠎ᠠ᠃ | | | | |