ᠵᠢᠭᠮᠡᠳ ᠵᠢᠮᠢᠰ ᠤᠨ ᠢᠵᠠᠭᠤᠷ᠂ ᠰᠠᠩᠳᠠᠩ ᠮᠣᠳᠣᠨ ᠤ ᠲᠥᠷᠥᠯ᠃ ᠪᠣᠳᠠ ᠮᠣᠳᠣ ᠪᠤᠶᠤ ᠪᠠᠭᠠᠪᠲᠤᠷ ᠲᠣᠷᠤᠭ ᠮᠣᠳᠣ᠂ 4 — 5 ᠳ᠋ᠤᠭᠠᠷ ᠰᠠᠷ᠎ᠠ ᠳᠤ | ᠴᠡᠴᠡᠭᠯᠡᠵᠦ᠂ 7 — 8 ᠳ᠋ᠤᠭᠠᠷ ᠰᠠᠷ᠎ᠠ ᠳᠤ ᠦᠷ᠎ᠡ ᠵᠢᠮᠢᠰ ᠰᠠᠭᠤᠨ᠎ᠠ᠃ | ᠬᠠᠭᠤᠷᠠᠶᠢᠰᠠᠭ ᠤᠷᠭᠤᠮᠠᠯ᠃ ᠴᠠᠪ᠂ ᠰᠦᠮᠡᠲᠦ ᠵᠡᠷᠭᠡ ᠭᠠᠵᠠᠷ ᠲᠤ ᠤᠷᠭᠤᠳᠠᠭ᠃ | ᠰᠠᠩᠳᠠᠩ ᠮᠣᠳᠣ ᠪᠣᠯ ᠮᠠᠨ ᠤ ᠤᠯᠤᠰ ᠤᠨ ᠤᠮᠠᠷᠠᠲᠤ ᠣᠷᠣᠨ ᠳᠤ ᠮᠠᠰᠢ ᠶᠡᠭᠡ ᠬᠥᠭᠵᠢᠭᠦᠯᠬᠦ ᠢᠷᠡᠭᠡᠳᠦᠢ ᠲᠠᠢ ᠮᠣᠳᠣᠯᠢᠭ ᠲᠣᠰᠣᠲᠤ ᠮᠣᠳᠣᠨ ᠤ ᠲᠥᠷᠥᠯ | ᠶᠤᠮ᠃ ᠦᠶ᠎ᠡ ᠶᠢᠨ ᠲᠣᠰᠣᠨ ᠤ ᠠᠭᠤᠯᠤᠭᠳᠠᠴᠠ ᠨᠢ 30%᠂ ᠦᠷ᠎ᠡ ᠶᠢᠨ ᠴᠥᠮ᠎ᠡ ᠶᠢᠨ ᠲᠣᠰᠣᠨ ᠤ ᠠᠭᠤᠯᠤᠭᠳᠠᠴᠠ ᠨᠢ 56.36% — 70.0%᠃ | ᠲᠣᠰᠣ ᠶᠢ ᠨᠢ ᠢᠳᠡᠰᠢᠨ ᠲᠣᠰᠣ ᠪᠣᠯᠭᠠᠬᠤ ᠪᠠ ᠠᠵᠦ ᠦᠢᠯᠡᠳᠪᠦᠷᠢ ᠳᠤ ᠬᠡᠷᠡᠭᠯᠡᠬᠦ ᠠᠴᠠ ᠭᠠᠳᠠᠨ᠎ᠠ᠂ ᠲᠣᠰᠣᠨ ᠤ ᠰᠢᠭᠠᠷᠤ ᠳᠤ ᠨᠢ ᠡᠯᠪᠡᠭ ᠳᠡᠯᠪᠡᠭ ᠤᠭᠤᠷᠠᠭ | ᠪᠣᠯᠣᠨ ᠴᠠᠷᠳᠠᠭᠤᠯ ᠠᠭᠤᠯᠤᠭᠳᠠᠵᠤ ᠪᠠᠶᠢᠬᠤ ᠪᠣᠯᠬᠤᠷ ᠤᠭᠤᠷᠠᠭ ᠪᠤᠶᠤ ᠰᠢᠪᠲᠦᠷᠲᠦ ᠬᠦᠴᠢᠯ ᠭᠠᠷᠭᠠᠵᠤ ᠠᠪᠬᠤ ᠲᠦᠬᠦᠬᠡᠢ ᠮᠠᠲ᠋ᠧᠷᠢᠶᠠᠯ ᠪᠣᠯᠭᠠᠵᠤ ᠪᠣᠯᠬᠤ ᠪᠥᠭᠡᠳ | ᠡᠳ᠋ᠰᠢᠭᠦᠯᠦᠭᠰᠡᠨ ᠤ ᠳᠠᠷᠠᠭ᠎ᠠ ᠨᠠᠷᠢᠯᠢᠭ ᠪᠣᠷᠳᠤᠭ᠎ᠠ ᠪᠣᠯᠭᠠᠵᠤ ᠪᠣᠯᠣᠨ᠎ᠠ᠃ ᠮᠣᠳᠣᠨ ᠮᠠᠲ᠋ᠧᠷᠢᠶᠠᠯ ᠨᠢ ᠤᠯᠠᠪᠤᠷ ᠬᠦᠷᠡᠩ ᠥᠩᠭᠡᠲᠡᠢ᠂ ᠬᠠᠲᠠᠭᠤ ᠪᠥᠭᠡᠳ ᠨᠢᠭᠲᠠ᠂ ᠬᠡ | ᠠᠷ ᠨᠢ ᠭᠤᠶᠣ᠂ ᠢᠯᠵᠠᠷᠠᠬᠤ ᠶᠢ ᠡᠰᠡᠷᠭᠦᠴᠡᠬᠦ ᠴᠢᠳᠠᠪᠤᠷᠢ ᠨᠢ ᠰᠠᠶᠢᠨ᠂ ᠪᠠᠭᠠᠵᠢ ᠬᠡᠷᠡᠭᠰᠡᠯ ᠪᠠ ᠭᠡᠷ ᠤᠨ ᠡᠳ᠋ᠯᠡᠯ ᠬᠡᠷᠡᠭᠰᠡᠯ ᠬᠢᠵᠦ ᠪᠣᠯᠣᠨ᠎ᠠ᠃ ᠵᠢᠮᠢᠰ ᠤᠨ | ᠬᠠᠯᠢᠰᠤ ᠠᠴᠠ ᠨᠢ ᠠᠵᠦ ᠦᠢᠯᠡᠳᠪᠦᠷᠢ ᠳᠤ ᠥᠷᠭᠡᠨ ᠬᠡᠷᠡᠭᠴᠡᠭᠡ ᠪᠦᠬᠦᠢ ᠠᠭ᠎ᠠ ᠶᠢᠨ ᠠᠯᠳᠧᠭᠢᠳ᠋ ᠭᠠᠷᠭᠠᠨ ᠠᠪᠴᠤ ᠪᠣᠯᠣᠨ᠎ᠠ᠃ ᠲᠤᠰ ᠮᠣᠳᠣ ᠨᠢ ᠲᠠᠴᠢᠷ ᠠᠭᠤᠯᠠᠨ | ᠪᠠᠯ ᠢ ᠲᠣᠭᠲᠠᠪᠤᠷᠢᠵᠢᠭᠤᠯᠬᠤ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠪᠠ ᠴᠡᠴᠡᠷᠯᠢᠭᠵᠢᠭᠦᠯᠦᠨ ᠨᠣᠭᠤᠭᠠᠷᠠᠭᠤᠯᠬᠤ ᠮᠣᠳᠣᠨ ᠤ ᠲᠥᠷᠥᠯ ᠪᠣᠯᠬᠤ | ᠶᠤᠮ᠃ ᠡᠶᠢᠮᠦ ᠠᠴᠠ ᠬᠠᠮᠠᠭᠠᠯᠠᠬᠤ ᠪᠠ ᠬᠦᠮᠦᠨ ᠤ ᠬᠦᠴᠦ ᠪᠠᠷ ᠲᠠᠷᠢᠵᠦ᠂ ᠨᠡᠩ ᠰᠠᠶᠢᠨ ᠨᠡᠭᠡᠭᠡᠨ ᠠᠰᠢᠭᠯᠠᠬᠤ ᠳᠤ ᠠᠰᠢᠭᠲᠠᠢ ᠪᠠᠶᠢᠯᠭᠠᠪᠠᠯ ᠵᠣᠬᠢᠨ᠎ᠠ᠃ ᠮᠣᠳᠣᠨ ᠤ | ᠡᠰᠢ ᠪᠤᠶᠤ ᠰᠠᠯᠠᠭ᠎ᠠ ᠶᠢ ᠨᠢ ᠮᠣᠩᠭᠤᠯ ᠡᠮ ᠳᠤ ᠬᠡᠷᠡᠭᠯᠡᠨ᠎ᠡ᠃ | | ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾ ᠪᠠᠭᠠᠲᠤᠷ ᠨᠠᠶᠢᠷᠠᠭᠤᠯᠤᠨ ᠵᠤᠬᠢᠶᠠᠪᠠ | |