ᠣᠲᠤᠭ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/9/3
         图片1.png
      ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠥᠨᠥᠳᠥᠷ ᠪᠢᠳᠡ ᠣᠲᠤᠭ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠵᠠᠩ ᡁᠢ ᠬᠤᠢ ᠶᠢ ᠤᠷᠢᠵᠤ ᠠᠪᠴᠢᠷᠠᠵᠠᠢ᠂ ᠲᠠᠨ ᠢ ᠪᠠᠶᠠᠷᠯᠠᠨ ᠤᠭᠲᠤᠵᠤ ᠪᠠᠶᠢᠨ᠎ᠠ︕       ᠵᠠᠩ ᡁᠢ ᠬᠤᠢ᠄ ᠬᠥᠲᠥᠯᠥᠭᠴᠢ ᠰᠠᠶᠢᠨ ᠦᠦ᠂ ᠳᠠᠶᠠᠭᠠᠷ ᠢᠶᠠᠨ ᠰᠠᠶᠢᠨ ᠦᠦ︕       ᠬᠥᠲᠥᠯᠥᠭᠴᠢ᠄ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠬᠤ ᠶᠢ ᠳᠠᠭᠠᠯᠳᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠨᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠡᠮᠦᠨ᠎ᠡ ᠹᠷᠣᠨᠲ ᠤᠨ ᠪᠠᠬᠢᠯᠡᠯᠳᠡ ᠶᠢᠨ ᠭᠠᠵᠠᠷ ᠪᠣᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠳᠠᠬᠢ ᠬᠡᠷᠡᠭᠴᠡᠭᠡ ᠱᠠᠭᠠᠷᠳᠠᠯᠭ᠎ᠠ ᠶᠢᠨ ᠪᠠᠷᠢᠮᠵᠢᠶ᠎ᠠ ᠤᠯᠠᠮ ᠠᠴᠠ ᠤᠯᠠᠮ ᠥᠨᠳᠥᠷ ᠪᠣᠯᠵᠠᠢ᠃ ᠡᠶᠢᠮᠦᠷᠬᠦ ᠠᠬᠤᠢ ᠪᠠᠶᠢᠳᠠᠯ ᠤᠨ ᠳᠣᠣᠷ᠎ᠠ᠂ ᠡᠯ᠎ᠡ ᠭᠠᠵᠠᠷ ᠤᠨ ᠬᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠭᠰᠡᠨ ᠢᠶᠠᠷ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠨᠢ ᠠᠯᠬᠤᠮ ᠠᠯᠬᠤᠮ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠴᠢᠬᠤᠯᠠ ᠠᠷᠭ᠎ᠠ ᠵᠠᠮ ᠪᠣᠯᠵᠤ ᠪᠠᠶᠢᠨ᠎ᠠ᠃ ᠡᠩ ᠲᠡᠷᠢᠭᠦᠨ ᠳᠤ᠂ ᠲᠠ ᠣᠲᠤᠭ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠠᠯ᠎ᠠ ᠪᠠᠷ ᠶᠠᠮᠠᠷ ᠶᠠᠮᠠᠷ ᠰᠢᠨ᠎ᠡ ᠰᠦᠪᠡᠭᠴᠢᠯᠡᠯᠲᠡ ᠪᠠ ᠲᠤᠷᠰᠢᠯᠲᠠ ᠬᠢᠭᠰᠡᠨ ᠢᠶᠠᠨ ᠲᠠᠨᠢᠯᠴᠠᠭᠤᠯᠤᠭᠠᠳ ᠥᠭᠭᠦᠨ᠎ᠡ ᠦᠦ︖       ᠵᠠᠩ ᡁᠢ ᠬᠤᠢ᠄ ᠣᠲᠤᠭ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠲᠣᠪᠴᠢᠶ᠎ᠠ ᠶᠢᠨ ᠬᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮ ᠳᠥᠲᠡ ᠴᠢᠨᠠᠷ ᠪᠠ ᠥᠨᠳᠥᠷ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠪᠠᠷ ᠴᠢᠷᠮᠠᠶᠢᠭᠰᠠᠭᠠᠷ ᠢᠷᠡᠵᠡᠶ᠂ ᠪᠢᠳᠡ ︽︿1+ 6+ N﹀  ᠶᠢᠨ ᠪᠥᠬᠦ ᠬᠦᠷᠢᠶ᠎ᠡ ᠪᠥᠬᠦ ᠴᠤᠪᠤᠷᠠᠯ ᠢᠶᠠᠷ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠰᠢᠨ᠎ᠡ ᠵᠠᠭᠪᠤᠷ ᠢ ᠰᠢᠨ᠎ᠡ ᠪᠠᠷ ᠡᠭᠦᠳᠪᠡ᠃ ᠳᠠᠷᠤᠢ ︽1 ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ 6 ᠪᠠᠯᠭᠠᠰᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ N ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠥᠷᠲᠡᠭᠡ ᠴᠡᠭ︾ ᠲᠤ ᠪᠥᠬᠦ ᠶᠠᠪᠤᠴᠠ ᠶᠢᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢᠶᠠᠷ ᠵᠢᠯᠣᠭᠤᠳᠤᠯᠭ᠎ᠠ ᠪᠣᠯᠭᠠᠨ᠂ ᠰᠤᠮᠤ ᠪᠠᠯᠭᠠᠰᠤ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠢᠶᠠᠷ ᠭᠤᠣᠯ ᠴᠣᠭᠴᠠ ᠪᠣᠯᠭᠠᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠥᠷᠲᠡᠭᠡ ᠴᠡᠭ ᠢᠶᠠᠷ ᠰᠠᠭᠤᠷᠢ ᠪᠣᠯᠭᠠᠨ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠭᠰᠡᠨ ︽1+ 6+ N︾ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠰᠢᠨ᠎ᠡ ᠪᠠᠶᠢᠷᠢᠰᠢᠯ ᠢ ᠪᠣᠶ ᠪᠣᠯᠭᠠᠵᠤ᠂ ︽ᠪᠠᠷᠢᠮᠵᠢᠶᠠᠵᠢᠭᠰᠠᠨ᠂ ᠵᠢᠷᠤᠮᠵᠢᠭᠰᠠᠨ᠂ ᠳᠥᠭᠦᠮᠴᠢᠯᠡᠭᠰᠡᠨ᠂ ᠲᠣᠭᠠᠵᠢᠭᠤᠯᠤᠭᠰᠠᠨ︾ ᠣᠯᠠᠨ ᠡᠰᠢᠲᠦ ᠨᠢᠭᠡ ᠴᠣᠭᠴᠠᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠭᠰᠠᠭᠠᠯ ᠢ ᠪᠣᠶ ᠪᠣᠯᠭᠠᠪᠠ᠃       ᠬᠥᠲᠥᠯᠥᠭᠴᠢ᠄ ︽︿1+ 6+ N﹀ ᠶᠢᠨ ᠪᠥᠬᠦ ᠬᠦᠷᠢᠶ᠎ᠡ ᠪᠥᠬᠦ ᠴᠤᠪᠤᠷᠠᠯ ᠢᠶᠠᠷ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠰᠢᠨ᠎ᠡ ᠵᠠᠭᠪᠤᠷ ᠢ ᠪᠣᠳᠠᠲᠠᠢ ᠪᠠᠷ ᠬᠡᠷᠬᠢᠨ  ᠥᠷᠨᠢᠭᠦᠯᠳᠡᠭ ᠪᠣᠶ︖       ᠵᠠᠩ ᡁᠢ ᠬᠤᠢ᠄ ᠨᠢᠭᠡ ᠳᠤ ᠭᠤᠷᠪᠠᠨ ᠱᠠᠲᠤᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠪᠠ᠃ ᠬᠤᠰᠢᠭᠤᠨ ᠤ ᠶᠡᠭᠡ ᠲᠢᠩᠬᠢᠮ᠂ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠴᠣᠩᠬᠤ ᠶᠢ 104 ᠭᠠᠷᠭᠠᠵᠤ᠂ 118 ᠬᠠᠪᠰᠤᠷᠤᠨ ᠭᠦᠢᠴᠡᠳᠬᠡᠭᠴᠢ ᠣᠷᠣᠯᠠᠨ ᠭᠦᠢᠴᠡᠳᠭᠡᠭᠴᠢ ᠲᠣᠬᠢᠷᠠᠭᠤᠯᠤᠨ᠂ ᠬᠤᠰᠢᠭᠤᠨ ᠤ ᠲᠠᠰ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ 122 ᠵᠦᠢᠯᠡᠰ ᠤᠨ ᠨᠠᠷᠢᠨ ᠬᠠᠭᠤᠳᠠᠰᠤ ᠶᠢ ᠡᠮᠬᠢᠯᠡᠵᠦ᠂ ᠭᠤᠯᠳᠤ ᠪᠠᠷ ᠬᠤᠯᠪᠤᠭᠠᠯᠠᠨ ᠬᠥᠳᠡᠯᠦᠯᠴᠡᠵᠦ ᠭᠥᠯᠢᠶᠡᠨ ᠠᠪᠴᠤ ᠰᠢᠢᠳᠪᠦᠷᠢᠯᠡᠬᠦ᠂ ᠬᠥᠨᠳᠡᠯᠡᠨ ᠢᠶᠠᠷ ᠬᠠᠪᠰᠤᠷᠤᠨ ᠰᠢᠢᠳᠪᠦᠷᠢᠯᠡᠵᠦ ᠪᠣᠯᠬᠤ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤ   ᠠᠯᠤᠰᠯᠠᠨ ᠠᠰᠠᠭᠤᠨ ᠯᠠᠪᠯᠠᠬᠤ᠂ ᠴᠣᠩᠬᠤ ᠠᠯᠤᠰᠯᠠᠨ ᠬᠠᠮᠵᠢᠯᠴᠠᠬᠤ ᠪᠠᠷᠢᠮᠵᠢᠶᠠᠵᠢᠭᠤᠯᠤᠭᠰᠠᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠶᠠᠪᠤᠴᠠ ᠶᠢ ᠪᠣᠶ ᠪᠣᠯᠭᠠᠪᠠ᠃ ᠬᠤᠶᠠᠷ ᠲᠤ ︽ᠭᠠᠷ ᠤᠳᠠᠰᠤᠨ ᠳᠡᠭᠡᠷᠡᠬᠢ︾ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠪᠠ᠃ ᠲᠣᠭᠠᠴᠢᠯᠠᠭᠰᠠᠨ ᠵᠠᠰᠠᠭ ᠤᠨ ᠶᠠᠪᠤᠳᠠᠯ ᠤᠨ ᠥᠪᠡᠷᠮᠢᠴᠡ ᠣᠨᠴᠠᠯᠢᠭᠲᠤ ︽ᠤᠴᠢᠷ ᠲᠠᠢ ᠪᠣᠯ ᠵᠢᠭᠠᠯᠭᠠᠬᠤ︾᠂ ︽ᠬᠥᠮᠥᠨ ᠡᠷᠢᠵᠦ ᠬᠠᠪᠰᠤᠷᠤᠭᠤᠯᠬᠤ︾ ᠴᠢᠳᠠᠮᠵᠢ ᠳᠤ ᠲᠦᠰᠢᠭᠯᠡᠨ᠂ ᠥᠰᠥᠭ ᠪᠢᠴᠢᠭ᠂ ᠵᠢᠷᠤᠭ᠂ ᠠᠪᠢᠶ᠎ᠠ᠂ ᠬᠠᠷᠠᠭᠠᠨ ᠳᠠᠪᠲᠠᠮᠵᠢ ᠵᠡᠷᠭᠡ ᠣᠯᠠᠨ ᠵᠦᠢᠯ ᠤᠨ ᠬᠡᠯᠪᠡᠷᠢ ᠪᠠᠷ ᠣᠯᠠᠨ ᠲᠦᠮᠡᠨ ᠳᠤ ᠨᠠᠷᠢᠯᠢᠭ ᠣᠨᠣᠪᠴᠢᠲᠠᠢ ᠭᠦᠢᠴᠡᠳᠬᠡᠬᠦ ᠠᠵᠢᠯᠯᠠᠭᠠᠨ ᠤ ᠵᠢᠯᠣᠭᠤᠳᠤᠮᠵᠢ ᠬᠠᠩᠭᠠᠵᠤ᠂ ᠦᠢᠯᠡᠴᠢᠯᠡᠭᠴᠢ ᠨᠢ ᠰᠢᠰᠲ᠋ᠧᠮ ᠤᠨ ᠠᠷᠤ ᠲᠠᠪᠴᠠᠩ᠂ ᠰᠦᠯᠵᠢᠶ᠎ᠡ ᠪᠠᠷ ᠳᠠᠮᠵᠢᠭᠤᠯᠤᠨ ᠡᠳᠦᠷ ᠲᠤᠲᠤᠮ ᠤᠨ ᠠᠰᠠᠭᠤᠨ ᠯᠠᠪᠯᠠᠬᠤ᠂ ᠮᠠᠲ᠋ᠧᠷᠢᠶᠠᠯ ᠢ ᠤᠷᠢᠳᠴᠢᠯᠠᠨ ᠬᠢᠨᠠᠬᠤ᠂ ᠭᠤᠶᠤᠴᠢᠯᠠᠯ ᠢ ᠣᠷᠣᠯᠠᠨ ᠭᠦᠢᠴᠡᠳᠬᠡᠬᠦ᠂ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠳᠡᠭ᠃ ᠭᠤᠷᠪᠠ ᠳᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠬᠡᠯᠪᠡᠷᠢ ᠶᠢ ᠪᠠᠶᠠᠯᠢᠭᠵᠢᠭᠤᠯᠪᠠ᠃ ᠭᠡᠷ ᠲᠤᠨᠢ ᠬᠦᠷᠴᠦ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ᠂ ᠳ᠋ᠢᠶᠠᠩᠬᠤᠸᠠ ᠪᠠᠷ ᠬᠠᠪᠰᠤᠷᠤᠨ ᠭᠦᠢᠴᠡᠳᠬᠡᠬᠦ᠂ ᠴᠠᠭ ᠰᠣᠯᠪᠢᠴᠠᠭᠤᠯᠬᠤ ᠴᠠᠭ ᠢ ᠤᠷᠲᠤᠳᠬᠠᠬᠤ ᠤᠷᠢᠳᠴᠢᠯᠠᠨ ᠪᠣᠯᠵᠣᠬᠤ ᠵᠡᠷᠭᠡ ᠣᠨᠴᠠᠯᠢᠭᠲᠤ ᠦᠢᠯᠡᠴᠢᠯᠡᠭᠡ ᠬᠠᠩᠭᠠᠪᠠ︔ ᠨᠠᠰᠤᠲᠠᠶᠢᠴᠤᠳ᠂ ᠵᠡᠮᠳᠡᠭᠴᠦᠳ᠂ ᠵᠢᠩᠬᠢᠨᠢ ᠠᠯᠪᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠴᠢᠭᠯᠡᠭᠦᠯᠦᠭᠰᠡᠨ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠪᠡ︔ ᠥᠪᠡᠰᠦᠪᠡᠨ ᠦᠢᠯᠡᠴᠢᠯᠡᠬᠦ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ︽24 ᠴᠠᠭ ᠲᠤ ᠡᠭᠦᠳᠡ ᠪᠠᠨ ᠬᠠᠭᠠᠬᠤ ᠦᠭᠡᠢ︾ ᠥᠪᠡᠰᠦᠪᠡᠨ ᠦᠢᠯᠡᠴᠢᠯᠡᠬᠦ ᠵᠦᠢᠯᠡᠰ ᠤᠨ ᠲᠤᠭ᠎ᠠ ᠬᠡᠮᠵᠢᠶ᠎ᠡ ᠶᠢ ᠲᠠᠰᠤᠷᠠᠯᠲᠠ ᠦᠭᠡᠢ  ᠨᠡᠮᠡᠭᠳᠡᠭᠦᠯᠪᠡ᠃ ᠳᠥᠷᠪᠡ ᠳᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠪᠡ᠃ ᠡᠯᠧᠺᠲᠷᠣᠨ ᠭᠠᠷ ᠤᠨ ᠥᠰᠥᠭ ᠵᠢᠷᠤᠬᠤ ᠲᠠᠪᠴᠠᠩ ᠵᠢᠴᠢ ︽ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ + ᠰᠢᠤᠳᠠᠨᠴᠢ᠂ ᠢᠲᠡᠭᠡᠮᠵᠢᠲᠦ ᠵᠢᠭᠡᠯᠡᠯᠭᠡ ᠲᠠᠯᠪᠢᠭᠴᠢ ᠬᠠᠪᠰᠤᠷᠤᠨ ᠣᠷᠣᠯᠠᠨ ᠭᠦᠢᠴᠡᠳᠬᠡᠬᠦ︾ ᠵᠡᠷᠭᠡ ᠦᠢᠯᠡᠴᠢᠯᠡᠭᠡᠨ ᠤ ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠵᠦ᠂ ᠠᠵᠤ ᠠᠬᠤᠶᠢᠯᠠᠯ ᠪᠠ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ᠨᠠᠭᠠᠰᠢ ᠴᠠᠭᠠᠰᠢ ᠭᠦᠶᠦᠬᠦ ᠤᠳᠠᠭ᠎ᠠ ᠪᠠ ᠠᠵᠢᠯ ᠶᠠᠪᠤᠳᠠᠯ ᠭᠦᠢᠴᠡᠳᠬᠡᠬᠦ ᠥᠪᠡᠷ ᠤᠨ ᠥᠷᠲᠡᠭ ᠢ ᠦᠨᠡᠨᠬᠦ ᠪᠠᠭᠠᠰᠬᠠᠪᠠ᠃ ᠡᠭᠦᠨ ᠤ ᠬᠠᠮᠲᠤ ︽ᠣᠯᠠᠨ ᠦᠨᠡᠯᠡᠯᠲᠡ︾ ᠪᠠᠷ ᠬᠤᠪᠢ ᠲᠡᠮᠳᠡᠭᠯᠡᠵᠦ ᠱᠠᠩᠨᠠᠬᠤ ᠲᠣᠭᠲᠠᠴᠠ ᠪᠠᠷ ᠳᠡᠮᠵᠢᠨ ᠬᠠᠪᠰᠤᠷᠤᠨ ᠭᠦᠢᠴᠡᠳᠭᠡᠭᠴᠢ ᠣᠷᠣᠯᠠᠨ ᠭᠦᠢᠴᠡᠳᠭᠡᠭᠴᠢ ᠶᠢᠨ ᠭᠦᠢᠴᠡᠳᠬᠡᠬᠦ ᠵᠦᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃       ᠬᠥᠲᠥᠯᠥᠭᠴᠢ᠄ ᠬᠡᠷᠡᠭᠵᠢᠭᠦᠯᠬᠦ ᠶᠠᠪᠤᠴᠠ ᠳᠤ ᠣᠲᠤᠭ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠲᠣᠪᠴᠢᠶ᠎ᠠ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠤᠰᠬᠠᠢ ᠮᠡᠷᠭᠡᠵᠢᠯ ᠤᠨ ᠴᠢᠨᠠᠷ ᠪᠠ ᠵᠢᠷᠤᠮᠵᠢᠯ ᠤᠨ ᠴᠢᠨᠠᠷ ᠢ ᠬᠡᠷᠬᠢᠨ ᠪᠠᠲᠤᠯᠠᠭᠰᠠᠨ ᠪᠣᠶ︖       ᠵᠠᠩ ᡁᠢ ᠬᠤᠢ᠄ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠤᠰᠬᠠᠢ ᠮᠡᠷᠭᠡᠵᠢᠯ ᠤᠨ ᠴᠢᠨᠠᠷ ᠪᠠ ᠵᠢᠷᠤᠮᠵᠢᠯ ᠤᠨ ᠴᠢᠨᠠᠷ ᠢ ᠪᠠᠲᠤᠯᠠᠬᠤ ᠶᠢᠨ ᠲᠥᠯᠥᠭᠡ᠂ ᠪᠢᠳᠡ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠠᠢ᠃ ᠨᠢᠭᠡ ᠳᠤ ᠲᠤᠰᠬᠠᠢ ᠮᠡᠷᠭᠡᠵᠢᠯ ᠤᠨ ᠪᠦᠯᠬᠦᠮ ᠢ ᠵᠣᠬᠢᠶᠠᠨ ᠪᠠᠶᠢᠭᠤᠯᠪᠠ᠃ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠠᠴᠠ ᠨᠢᠭᠡ ᠪᠦᠯᠦᠭ ᠦᠨᠳᠦᠰᠦᠨ ᠬᠡᠪ ᠪᠣᠯᠪᠠᠰᠤᠷᠠᠯ ᠢᠶᠠᠷ ᠰᠠᠶᠢᠨ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠷ ᠥᠨᠳᠥᠷ᠂ ᠬᠠᠷᠢᠭᠤᠴᠠᠯᠭ᠎ᠠ ᠶᠢᠨ ᠤᠬᠠᠮᠰᠠᠷ ᠢᠶᠠᠷ ᠴᠢᠩᠭ᠎ᠠ ᠠᠵᠢᠯᠲᠠᠨ ᠢ ᠰᠢᠯᠢᠨ ᠰᠣᠩᠭᠤᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠪᠠ᠃ ᠬᠤᠶᠠᠷ ᠲᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠥᠷᠨᠢᠭᠦᠯᠪᠡ᠃ ᠡᠯ᠎ᠡ ᠵᠦᠢᠯ ᠤᠨ ᠠᠵᠢᠯ ᠢ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ  ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠶᠣᠰᠣᠯᠠᠯ ᠤᠨ ᠪᠣᠯᠪᠠᠰᠤᠷᠠᠯ᠂ ᠪᠣᠳᠠᠲᠤ ᠰᠣᠷᠢᠯᠲᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠵᠦᠢᠯ ᠤᠨ ᠬᠢᠨᠠᠨ ᠵᠥᠪᠰᠢᠶᠡᠷᠡᠬᠦ ᠵᠠᠩᠭᠢᠯᠠᠭ᠎ᠠ ᠶᠢᠨ ᠲᠤᠬᠠᠶᠢᠯᠠᠭᠰᠠᠨ ᠠᠵᠢᠯ ᠳᠤ ᠴᠠᠭᠠᠷᠠᠬᠤ ᠶᠢ ᠴᠢᠩᠭᠠᠳᠬᠠᠪᠠ᠃ ᠭᠤᠷᠪᠠ ᠳᠤ ᠬᠠᠷᠢᠭᠤ ᠲᠤᠰᠬᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠪᠡ᠃ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠡᠶᠡᠴᠢᠯᠡᠨ ᠣᠶᠢᠯᠠᠭᠠᠭᠴᠢ︾᠂ ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠡᠶᠡᠴᠢᠯᠡᠨ  ᠣᠶᠢᠯᠠᠭᠠᠭᠠᠴᠢ︾᠂ ︽ᠪᠢ ᠣᠯᠠᠨ ᠲᠦᠮᠡᠨ ᠳᠤ ᠪᠠᠷ᠎ᠠ ᠪᠣᠯᠵᠤ ᠤᠴᠢᠷ ᠭᠦᠢᠴᠡᠳᠬᠡᠬᠦ︾ ᠵᠡᠷᠭᠡ ᠠᠵᠢᠯᠯᠠᠭ᠎ᠠ ᠲᠠᠢ ᠤᠶᠠᠯᠳᠤᠭᠤᠯᠤᠨ᠂ ᠰᠠᠭᠤᠳᠠᠯ ᠤᠨ ᠬᠤᠷᠠᠯ ᠬᠤᠷᠠᠯᠳᠤᠭᠤᠯᠬᠤ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠬᠦ᠂ ᠰᠠᠨᠠᠯ ᠤᠨ ᠬᠤᠷᠢᠶᠠᠬᠤ ᠬᠠᠶᠢᠷᠴᠠᠭ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠪᠣᠯᠣᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠣᠨᠣᠰᠪᠠ᠃ ᠳᠥᠷᠪᠡ ᠳᠤ ᠵᠣᠬᠢᠶᠠᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠶᠢ ᠴᠢᠩᠭᠠᠳᠬᠠᠪᠠ᠃ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠲᠤᠷᠠᠨ ᠬᠥᠳᠡᠯᠦᠯᠴᠡᠬᠦ ᠲᠣᠭᠲᠠᠯᠴᠠᠭ᠎ᠠ ᠶᠢᠨ ᠠᠵᠢᠯ ᠤᠨ ᠳᠤᠭᠤᠶᠢᠯᠠᠩ ᠢ ᠪᠠᠶᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠢ ᠨᠢᠭᠡᠳᠦᠯᠲᠡᠢ ᠵᠣᠬᠢᠴᠠᠭᠤᠯᠤᠨ᠂ ᠠᠰᠠᠭᠤᠳᠠᠯ ᠪᠠ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠲᠠᠪᠤ ᠳᠤ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠪᠠ᠃ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠷᠠᠭᠤᠯᠬᠤ ᠪᠠ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠶᠢ ᠥᠷᠨᠢᠭᠦᠯᠦᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠯᠲᠡ ᠬᠢᠵᠦ᠂ ᠬᠢᠨᠠᠨ ᠰᠢᠯᠭᠠᠷᠠᠭᠤᠯᠤᠯᠲᠠ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠦᠨᠡᠯᠡᠯᠲᠡ ᠪᠠᠷ ᠳᠡᠭᠡᠭᠰᠢᠯᠡᠯᠲᠡ ᠶᠢ ᠠᠬᠢᠭᠤᠯᠪᠠ᠃       ᠬᠥᠲᠥᠯᠥᠭᠴᠢ᠄ ᠣᠨᠴᠠᠭᠠᠶ ᠬᠥᠮᠥᠰ ᠲᠤ ᠴᠢᠭᠯᠡᠭᠦᠯᠦᠨ᠂ ᠶᠠᠮᠠᠷ ᠶᠠᠮᠠᠷ ᠪᠦᠲᠦᠮᠵᠢᠲᠡᠢ ᠠᠷᠭ᠎ᠠ ᠬᠡᠮᠵᠢᠶ᠎ᠡ ᠠᠪᠤᠭᠰᠠᠨ ᠪᠣᠶ︖       ᠵᠠᠩ ᡁᠢ ᠬᠤᠢ᠄ ᠨᠢᠭᠡ ᠳᠤ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠪᠡ᠃ ᠣᠨᠴᠠᠭᠠᠢ ᠬᠥᠮᠥᠰ ᠲᠤ ᠰᠠᠭᠠᠳ ᠦᠭᠡᠢ ᠨᠡᠪᠲᠡᠷᠡᠬᠦ ᠵᠠᠮ ᠭᠠᠷᠭᠠᠵᠤ᠂ ᠲᠡᠳᠡᠨ ᠤ ᠲᠤᠬᠠᠶᠢᠯᠠᠭᠰᠠᠨ ᠠᠵᠢᠯ ᠢ ᠤᠷᠢᠳᠠᠪᠠᠷ ᠭᠦᠢᠴᠡᠳᠬᠡᠵᠦ᠂ ᠬᠦᠯᠢᠶᠡᠬᠦ ᠴᠠᠭ ᠢ ᠨᠢ ᠪᠣᠭᠤᠨᠢᠰᠬᠠᠪᠠ᠃ ᠬᠦᠯᠢᠶᠡᠨ ᠠᠪᠬᠤ᠂ ᠮᠠᠳᠠᠭ ᠲᠠᠢ ᠠᠰᠠᠭᠤᠳᠠᠯ ᠢ ᠬᠠᠷᠢᠭᠤᠯᠬᠤ᠂ ᠭᠥᠯᠢᠶᠡᠨ ᠠᠪᠴᠤ ᠰᠢᠢᠳᠪᠦᠷᠢᠯᠡᠬᠦ ᠠᠴᠠ ᠬᠠᠷᠢᠭᠤ ᠲᠤᠰᠬᠠᠬᠤ ᠬᠦᠷᠲᠡᠯᠡᠬᠢ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ ᠶᠢ ᠬᠠᠩᠭᠠᠵᠤ᠂ ᠤᠨᠴᠠᠭᠠᠢ ᠬᠥᠮᠥᠰ ᠤᠨ ᠲᠤᠬᠠᠶᠢᠯᠠᠭᠰᠠᠨ ᠠᠵᠢᠯ ᠭᠦᠢᠴᠡᠳᠬᠡᠬᠦ ᠪᠦᠬᠦ ᠶᠠᠪᠤᠴᠠ ᠳᠤ ᠣᠷᠣᠯᠴᠠᠨ᠂ ᠲᠡᠳᠡᠨ ᠤ ᠤᠴᠢᠷ ᠢᠶᠠᠨ ᠤᠷᠤᠭᠰᠢᠲᠠᠢ ᠭᠦᠢᠴᠡᠳᠬᠡᠬᠦ ᠶᠢ ᠦᠨᠡᠨᠬᠦ ᠪᠠᠲᠤᠯᠠᠪᠠ᠃ ᠬᠤᠶᠠᠷ ᠲᠤ ᠥᠪᠡᠷᠮᠢᠴᠡ ᠦᠢᠯᠡᠴᠢᠯᠡᠭᠡ ᠬᠠᠩᠭᠠᠪᠠ᠃ ᠶᠠᠪᠤᠵᠤ ᠰᠠᠭᠤᠬᠤ ᠳᠤ ᠳᠥᠭᠦᠮ ᠦᠭᠡᠢ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ᠂ ᠵᠡᠮᠳᠡᠭᠴᠦᠳ ᠵᠡᠷᠭᠡ ᠪᠠᠭᠤᠷᠠᠢ ᠬᠥᠮᠥᠰ ᠤᠨ ᠭᠡᠷ ᠲᠤᠨᠢ ᠬᠦᠷᠴᠦ ᠦᠢᠯᠡᠴᠢᠯᠡᠨ᠂ ᠤᠲᠠᠰᠤ ᠪᠠᠷ ᠪᠣᠯᠵᠣᠬᠤ᠂ ᠰᠦᠯᠵᠢᠶ᠎ᠡ ᠪᠠᠷ ᠪᠣᠯᠵᠣᠬᠤ ᠵᠡᠷᠭᠡ ᠤᠯᠠᠨ ᠵᠦᠢᠯ ᠤᠨ ᠪᠣᠯᠵᠣᠬᠤ ᠠᠷᠭ᠎ᠠ ᠬᠡᠯᠪᠡᠷᠢ ᠬᠠᠩᠭᠠᠨ᠂ ᠣᠨᠴᠠᠭᠠᠢ ᠬᠥᠮᠥᠰ ᠤᠨ ᠥᠪᠡᠷ ᠤᠨ ᠴᠠᠭ ᠢᠶᠠᠨ ᠦᠨᠳᠦᠰᠦᠯᠡᠨ ᠲᠤᠬᠠᠶᠢᠯᠠᠭᠰᠠᠨ ᠠᠵᠢᠯ ᠢᠶᠠᠨ ᠲᠣᠬᠢᠷᠠᠭᠤᠯᠬᠤ ᠳᠤ ᠲᠦᠬᠦᠮ ᠦᠵᠡᠭᠦᠯᠪᠡ᠃ ᠤᠯᠠᠨ ᠲᠦᠮᠡᠨ ᠤ ᠬᠡᠷᠡᠭᠴᠡᠭᠡ ᠶᠢ ᠦᠨᠳᠦᠰᠦᠯᠡᠨ᠂ ᠦᠢᠯᠡᠴᠢᠯᠡᠬᠦ ᠴᠠᠭ ᠢ ᠤᠷᠲᠤᠳᠬᠠᠵᠤ᠂ ᠲᠡᠳᠡᠨ ᠤ ᠠᠵᠢᠯ ᠤᠨ ᠪᠤᠰᠤ ᠴᠠᠭ ᠲᠤ ᠴᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ ᠴᠢᠳᠠᠬᠤ ᠶᠢ ᠦᠨᠡᠨᠬᠦ ᠪᠠᠲᠤᠯᠠᠪᠠ᠃ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠨᠢ ᠣᠨᠴᠠᠭᠠᠶ ᠬᠥᠮᠥᠰ ᠤᠨ ᠳᠤᠮᠳᠠ ᠴᠢᠬᠤᠯᠠ ᠦᠢᠯᠡᠳᠦᠯ ᠪᠠᠳᠠᠷᠠᠭᠤᠯᠵᠤ᠂ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠢᠯ ᠶᠠᠪᠤᠳᠠᠯ ᠰᠢᠢᠳᠪᠦᠷᠢᠯᠡᠬᠦ ᠳᠤ ᠬᠦᠴᠢᠷ ᠠᠰᠠᠭᠤᠳᠠᠯ ᠢ ᠨᠢ ᠪᠦᠲᠦᠮᠵᠢᠲᠡᠶ ᠰᠢᠢᠳᠪᠦᠷᠢᠯᠡᠵᠦ᠂ ᠬᠦᠷᠲᠡᠭᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠪᠡ᠃       ᠬᠥᠲᠥᠯᠥᠭᠴᠢ᠄ ᠡᠶᠢᠮᠦᠷᠬᠦ ᠰᠢᠨ᠎ᠡ ᠵᠠᠭᠪᠤᠷ ᠢ ᠭᠠᠷᠭᠠᠭᠰᠠᠨ ᠨᠢ ᠠᠵᠤ ᠠᠬᠤᠶᠢᠯᠠᠯ ᠪᠠ ᠣᠯᠠᠨ ᠲᠦᠮᠡᠨ ᠳᠤ ᠶᠠᠮᠠᠷ ᠶᠠᠮᠠᠷ ᠪᠣᠳᠠᠲᠠᠢ ᠬᠤᠪᠢᠷᠠᠯᠲᠠ ᠪᠠ ᠲᠥᠬᠦᠮ ᠨᠥᠬᠦᠴᠡᠯ ᠢ ᠠᠪᠴᠢᠷᠠᠭᠰᠠᠨ ᠪᠣᠶ︖       ᠵᠠᠩ ᡁᠢ ᠬᠤᠢ᠄ ᠥᠩᠭᠡᠷᠡᠭᠰᠡᠨ ᠳᠤ᠂ ᠣᠯᠠᠨ ᠲᠦᠮᠡᠨ ᠪᠠ ᠠᠵᠤ ᠠᠬᠤᠶᠢᠯᠠᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠳᠤ ᠶᠡᠷᠦᠨᠢ ᠣᠯᠠᠨ ᠤᠳᠠᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠴᠢᠬᠤ ᠴᠢᠬᠤᠯᠠᠲᠠᠢ ᠪᠠᠶᠢᠵᠤ᠂ ᠨᠠᠷᠢᠨ ᠪᠤᠳᠤᠯᠢᠶᠠᠨᠲᠠᠢ ᠶᠠᠪᠤᠴᠠ ᠪᠠ ᠶᠠᠷᠰᠢᠭ ᠲᠦᠪᠡᠭᠲᠡᠢ ᠭᠠᠷ ᠭᠦᠢᠴᠡᠳᠬᠡᠯ ᠬᠢᠯᠭᠡᠬᠦ ᠪᠠᠷ ᠪᠠᠷᠠᠬᠤ ᠦᠭᠡᠢ᠂ ᠪᠠᠰᠠ ᠮᠡᠳᠡᠭᠡ ᠵᠠᠩᠭᠢ ᠶᠢ ᠣᠶᠢᠯᠠᠭᠠᠬᠤ ᠵᠥᠷᠢᠶ᠎ᠡ ᠠᠴᠠ ᠪᠣᠯᠵᠤ ᠭᠦᠢᠴᠡᠳᠬᠡᠵᠦ ᠳᠡᠶᠢᠯᠬᠦ ᠦᠭᠡᠢ ᠪᠠᠶᠢᠳᠠᠭ᠃ ᠤᠳᠤ᠂ ᠪᠢᠳᠠ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠪᠦᠷᠢᠨ ᠲᠡᠭᠦᠯᠳᠡᠷ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠬᠦ᠂ ᠦᠢᠯᠡᠴᠢᠯᠡᠭᠡᠨ ᠤ ᠵᠠᠭᠪᠤᠷ ᠢ ᠰᠢᠨᠡᠴᠢᠯᠡᠬᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠭᠡ ᠬᠠᠩᠭᠠᠬᠤ ᠶᠢ ᠴᠢᠬᠤᠯᠠᠴᠢᠯᠠᠭᠰᠠᠨ ᠠᠴᠠ ᠤᠯᠠᠨ ᠲᠦᠮᠡᠨ ᠤ ᠭᠦᠶᠦᠬᠦ ᠲᠤᠭ᠎ᠠ ᠶᠢ ᠳᠠᠰᠤᠷᠠᠯᠳᠠ ᠦᠭᠡᠢ ᠪᠠᠭᠠᠰᠬᠠᠵᠤ᠂ ᠠᠵᠢᠯ ᠶᠠᠪᠤᠳᠠᠯ ᠭᠦᠢᠴᠡᠳᠬᠡᠬᠦ ᠴᠠᠭ ᠢ ᠳᠠᠰᠤᠷᠠᠯᠳᠠ ᠦᠭᠡᠢ ᠪᠣᠭᠤᠨᠢᠰᠬᠠᠨ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠣᠲᠣ ᠪᠣᠯᠲᠠᠯ᠎ᠠ᠂ ᠬᠤᠰᠢᠭᠤ ᠱᠠᠲᠤᠨ ᠠᠴᠠ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠭᠰᠡᠨ 122 ᠵᠦᠢᠯ ︵ᠢᠨᠵᠧᠨᠧᠷᠢᠩ ᠤᠨ ᠬᠢᠨᠠᠨ ᠵᠥᠪᠰᠢᠶᠡᠷᠡᠬᠦ 47 ᠲᠥᠷᠥᠯ ᠵᠦᠢᠯ ᠪᠠᠭᠲᠠᠨ᠎ᠠ︶᠂ ᠰᠤᠮᠤ ᠪᠠᠯᠭᠠᠰᠤᠨ ᠤ 182 ᠵᠦᠢᠯ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ 79 ᠵᠦᠢᠯ ᠢ ᠡᠮᠬᠢᠯᠡᠨ ᠳᠢᠭᠯᠡᠪᠡ᠃ ᠥᠨᠦ ᠵᠢᠯ ᠠᠴᠠ ᠨᠠᠭᠠᠰᠢ᠂ ᠠᠵᠤ ᠠᠬᠤᠶᠢᠯᠠᠯ ᠪᠠ ᠣᠯᠠᠨ ᠲᠦᠮᠡᠨ ᠳᠤ 13734 ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠨ᠂ ᠡᠯᠧᠺᠲᠷᠣᠨ ᠭᠠᠷ ᠤᠨ ᠥᠰᠥᠭ ᠵᠢᠷᠤᠬᠤ ᠲᠠᠪᠴᠠᠩ ᠢᠶᠠᠷ 2630 ᠤᠴᠢᠷ ᠶᠠᠪᠤᠳᠠᠯ ᠢ ᠭᠦᠢᠴᠡᠳᠬᠡᠭᠰᠡᠨ ᠪᠠᠶᠢᠨ᠎ᠠ᠃       ᠬᠥᠲᠥᠯᠥᠭᠴᠢ᠄ ᠵᠠᠩ ᠲᠣᠪᠴᠢᠶᠠᠨ ᠳᠠᠷᠤᠭ᠎ᠠ ᠶᠢᠨ ᠨᠠᠷᠢᠨ ᠲᠣᠳᠣᠷᠬᠠᠢ ᠬᠠᠷᠢᠭᠤᠯᠲᠠ ᠬᠢᠭᠰᠡᠨ ᠳᠤ ᠮᠠᠰᠢ ᠲᠠᠯᠠᠷᠬᠠᠵᠤ ᠪᠠᠶᠢᠨ᠎ᠠ᠃ ᠲᠠᠨ ᠤ ᠳᠠᠭᠠᠭᠤᠯᠭ᠎ᠠ ᠳᠣᠣᠷ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠨᠠᠩ ᠢᠯᠡᠳᠲᠡ ᠦᠷ᠎ᠡ ᠪᠦᠲᠦᠮᠵᠢ ᠣᠯᠬᠤ ᠨᠢ ᠯᠠᠪᠲᠠᠢ᠃       ᠵᠠᠩ ᡁᠢ ᠬᠤᠢ᠄ ᠪᠠᠶᠠᠷᠯᠠᠯ᠎ᠠ᠃ ᠪᠢᠳᠡ ᠦᠷᠭᠦᠯᠵᠢᠯᠡᠨ ᠴᠢᠷᠮᠠᠶᠢᠵᠤ ᠪᠠᠶᠢᠭᠠᠳ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠰᠢᠯᠢᠳᠡᠭ᠂ ᠥᠨᠳᠥᠷ ᠪᠦᠲᠦᠮᠵᠢᠲᠡᠶ᠂ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ᠂ ᠪᠥᠬᠦ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ᠃ ᠡᠭᠦᠨ ᠤ ᠬᠠᠮᠲᠤ᠂ ᠲᠠ ᠪᠦᠬᠦᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡ ᠲᠠ ᠨᠠᠷ ᠤᠨ ᠰᠠᠨᠠᠯ ᠢ ᠬᠢᠴᠢᠶᠡᠩᠭᠦᠢ ᠬᠦᠯᠢᠶᠡᠨ ᠠᠪᠴᠤ᠂ ᠠᠵᠢᠯ ᠢᠶᠠᠨ ᠬᠠᠯᠠᠨ ᠰᠠᠶᠢᠵᠢᠷᠠᠭᠤᠯᠤᠨ᠎ᠠ᠃  
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ