ᠣᠶᠢᠷ᠎ᠠ ᠳᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ | ᠡᠳ᠋ ᠤᠨ ᠵᠠᠰᠠᠭ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠪᠥᠬᠦ ᠤᠯᠤᠰ ᠤᠨ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠵᠡᠷᠭᠡ 8 ᠰᠠᠯᠠᠭ᠎ᠠ ᠮᠥᠴᠢᠷ ᠬᠠᠮᠲᠤᠷᠠᠨ ︽ᠠᠵᠢᠯ ᠣᠯᠬᠤ ᠳᠤ ᠬᠦᠴᠢᠷᠲᠡᠢ ᠴᠡᠷᠢᠭ ᠤᠨ ᠠᠯᠪᠠ ᠠᠴᠠ ᠬᠠᠯᠠᠭᠳᠠᠭᠰᠠᠳ ᠢ | ᠬᠠᠪᠰᠤᠷᠤᠨ ᠲᠡᠳᠬᠦᠬᠦ ᠠᠵᠢᠯ ᠢ ᠴᠢᠩᠭᠠᠳᠬᠠᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ ᠤ ᠠᠵᠢᠯ ᠣᠯᠭᠤᠯᠲᠠ ᠦᠢᠯᠡᠰ ᠴᠣᠭᠴᠠᠯᠠᠬᠤ ᠵᠤᠷᠭᠠᠨ ᠤ ᠬᠠᠷᠢᠭᠤᠴᠠᠯᠭᠠᠲᠠᠨ ︽ᠰᠠᠨᠠᠯ︾ ᠤᠨ | ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠠᠰᠠᠭᠤᠯᠲᠠ᠄ ︽ᠰᠠᠨᠠᠯ︾ ᠢ ᠨᠡᠶᠢᠲᠡᠯᠡᠭᠰᠡᠨ ᠠᠬᠤᠢ ᠪᠠᠶᠢᠳᠠᠯ ᠵᠢᠴᠢ ᠪᠣᠳᠣᠯᠬᠢᠯᠠᠯ ᠨᠢ ᠶᠠᠭᠤ ᠪᠣᠶ︖ | ᠬᠠᠷᠢᠭᠤᠯᠲᠠ᠄ ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ᠂ | ᠰᠠᠭᠤᠷᠢ ᠢᠨᠵᠧᠨᠧᠷᠢᠩ ᠮᠥᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠩᠬᠠᠷᠴᠤ ᠪᠠᠶᠢᠭ᠎ᠠ ᠭᠤᠣᠯ ᠶᠠᠪᠤᠳᠠᠯ ᠮᠥᠨ᠃ ᠴᠡᠷᠢᠭ ᠤᠨ ᠠᠯᠪᠠ ᠠᠴᠠ | ᠬᠠᠯᠠᠭᠳᠠᠭᠰᠠᠳ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠠᠵᠤ | ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠬᠦᠷᠢᠶᠡᠨ ᠳᠤ ᠢᠳᠡᠪᠬᠢᠲᠡᠢ ᠦᠢᠯᠡᠳᠦᠯ ᠪᠠᠳᠠᠷᠠᠭᠤᠯᠪᠠ᠃ ᠭᠡᠪᠡᠴᠦ ᠤᠯᠠᠨ ᠲᠠᠯ᠎ᠠ ᠶᠢᠨ ᠬᠦᠴᠦᠨ | ᠵᠦᠢᠯ ᠤᠨ ᠨᠥᠯᠥᠭᠡ ᠠᠴᠠ ᠪᠣᠯᠵᠤ᠂ ᠵᠠᠷᠢᠮ ᠴᠡᠷᠢᠭ ᠠᠴᠠ ᠬᠠᠯᠠᠭᠳᠠᠭᠰᠠᠳ ᠠᠵᠢᠯ ᠣᠯᠬᠤ ᠶᠠᠪᠤᠴᠠ ᠳᠠᠭᠠᠨ ᠠᠳᠠᠯᠢ ᠪᠤᠰᠤ ᠬᠡᠮᠵᠢᠶᠡᠨ ᠤ ᠬᠦᠴᠢᠷᠳᠡᠯ ᠳᠤ | ᠲᠤᠯᠭᠠᠷᠠᠨ᠂ ᠴᠠᠭ ᠲᠤᠬᠠᠢ ᠳᠤᠨᠢ ᠠᠵᠢᠯ ᠣᠯᠵᠤ ᠴᠢᠳᠠᠭᠰᠠᠨ ᠦᠭᠡᠢ ᠪᠤᠶᠤ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠪᠠᠶᠢᠨ᠎ᠠ᠃ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ ᠰᠢᠢᠳᠪᠦᠷᠢᠲᠦ | ᠪᠣᠳᠣᠯᠭ᠎ᠠ ᠶᠢ ᠨᠢᠮᠪᠡᠢ ᠨᠠᠶᠢᠳᠠᠪᠤᠷᠢᠵᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠪᠠᠲᠤᠯᠠᠭ᠎ᠠ ᠶᠢᠨ ᠬᠠᠤᠯᠢ︾ ᠪᠣᠯᠣᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠣᠯᠭᠤᠯᠲᠠ ᠶᠢ ᠠᠬᠢᠭᠤᠯᠬᠤ ᠬᠠᠤᠯᠢ︾ ᠶᠢᠨ ᠪᠦᠲᠦᠮᠵᠢᠲᠡᠶ | ᠨᠠᠶᠢᠳᠠᠪᠤᠷᠢᠵᠢᠭᠤᠯᠤᠯᠲᠠ ᠶᠢ ᠦᠨᠡᠨᠬᠦ ᠠᠬᠢᠭᠤᠯᠤᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠬᠤ ᠶᠢ ᠬᠠᠪᠰᠤᠷᠤᠨ ᠲᠡᠳᠬᠦᠬᠦ ᠰᠠᠭᠤᠷᠢ ᠶᠢ | ᠪᠠᠬᠢᠵᠢᠭᠦᠯᠬᠦ ᠶᠢᠨ ᠲᠤᠰᠠᠳᠡ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ | ᠪᠣᠳᠠᠲᠤ ᠪᠠᠶᠢᠳᠠᠯ ᠳᠤ ᠰᠠᠭᠤᠷᠢᠯᠠᠨ᠂ ︽ᠠᠵᠢᠯ ᠣᠯᠬᠤ ᠳᠤ ᠬᠦᠴᠢᠷᠲᠡᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠣᠳᠠᠲᠤ ᠬᠡᠷᠡᠭᠴᠡᠭᠡ ᠪᠠᠷ ᠦᠨᠳᠦᠰᠦ | ᠪᠣᠯᠭᠠᠵᠤ᠂ ᠣᠷᠣᠨ ᠨᠤᠲᠤᠭ ᠤᠨ ᠬᠥᠭᠵᠢᠯᠲᠡ ᠶᠢᠨ ᠪᠣᠳᠠᠲᠤ ᠪᠠᠶᠢᠳᠠᠯ ᠢᠶᠠᠷ ᠰᠠᠭᠤᠷᠢ ᠪᠣᠯᠭᠠᠨ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠣᠶᠢᠯᠡᠴᠢᠯᠡᠵᠤ | ᠠᠵᠢᠯ ᠣᠯᠭᠤᠯᠲᠠ ᠶᠢ ᠪᠠᠲᠤᠯᠠᠨ ᠠᠷᠠᠳ ᠤᠨ ᠠᠮᠢᠳᠤᠷᠠᠯ ᠢ ᠪᠠᠲᠤᠯᠠᠬᠤ ᠪᠠᠷ ᠬᠠᠷᠠᠯᠲᠠ ᠪᠣᠯᠭᠠᠬᠤ︾ ᠵᠠᠷᠴᠢᠮ ᠢ ᠪᠠᠷᠢᠮᠲᠠᠯᠠᠵᠤ᠂ ᠭᠦᠢᠴᠡᠳ ᠪᠠᠶᠢᠴᠠᠭᠠᠨ ᠰᠤᠳᠤᠯᠵᠤ | ᠨᠤᠲᠠᠯᠠᠭᠰᠠᠨ ᠰᠠᠭᠤᠷᠢᠨ ᠳᠡᠭᠡᠷ᠎ᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠨᠡ ᠬᠦ ︽ᠰᠠᠨᠠᠯ︾ ᠢ ᠰᠤᠳᠤᠯᠤᠨ ᠨᠡᠶᠢᠲᠡᠯᠡᠪᠡ᠃ | ᠠᠰᠠᠭᠤᠯᠲᠠ᠄ ︽ᠰᠠᠨᠠᠯ︾ ᠳᠤ ᠳᠤᠷᠠᠳᠤᠭᠰᠠᠨ ᠬᠠᠪᠰᠤᠷᠤᠨ ᠲᠡᠳᠬᠦᠬᠦ ᠡᠲᠡᠭᠡᠳ ᠢ ᠬᠡᠷᠬᠢᠨ ᠵᠠᠭᠠᠭᠯᠠᠨ ᠲᠣᠭᠲᠠᠭᠠᠬᠤ ᠪᠣᠶ︖ | ᠬᠠᠷᠢᠭᠤᠯᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠣᠯᠭᠤᠯᠲᠠ ᠶᠢ ᠠᠬᠢᠭᠤᠯᠬᠤ ᠬᠠᠤᠯᠢ︾ ᠳᠤ ᠠᠵᠢᠯ ᠣᠯᠬᠤ ᠳᠤ | ᠬᠦᠴᠢᠷᠲᠡᠢ ᠬᠥᠮᠥᠰ ᠭᠡᠳᠡᠭ ᠨᠢ ᠪᠡᠶ᠎ᠡ ᠮᠠᠬᠠᠪᠤᠳ ᠤᠨ ᠪᠠᠶᠢᠳᠠᠯ᠂ ᠤᠷ᠎ᠠ ᠮᠡᠷᠭᠡᠵᠢᠯ ᠤᠨ ᠬᠢᠷᠢ ᠲᠦᠪᠰᠢᠨ᠂ ᠭᠡᠷ ᠪᠦᠯᠢ ᠶᠢᠨ ᠬᠦᠴᠦᠨ ᠵᠦᠢᠯ᠂ ᠭᠠᠵᠠᠷ ᠰᠢᠷᠣᠢ ᠪᠠᠨ | ᠠᠯᠳᠠᠭᠰᠠᠨ ᠵᠡᠷᠭᠡ ᠰᠢᠯᠲᠠᠭᠠᠨ ᠠᠴᠠ ᠪᠣᠯᠵᠤ ᠠᠵᠢᠯ ᠣᠯᠬᠤ ᠳᠤ ᠬᠦᠴᠢᠷᠲᠡᠢ ᠪᠠᠶᠢᠬᠤ ᠪᠤᠶᠤ ᠡᠰᠡᠬᠦᠯ᠎ᠡ ᠵᠠᠯᠭᠠᠭ᠎ᠠ ᠪᠠᠷ ᠠᠵᠢᠯ ᠠᠯᠳᠠᠭᠠᠳ ᠵᠣᠬᠢᠬᠤ | ᠬᠤᠭᠤᠴᠠᠭᠠᠨ ᠳᠤ ᠮᠥᠨ ᠯᠡ ᠠᠵᠢᠯ ᠣᠯᠵᠤ ᠳᠡᠶᠢᠯᠦᠭᠰᠡᠨ ᠦᠭᠡᠢ ᠬᠥᠮᠥᠰ ᠢ ᠵᠢᠭᠠᠵᠤ ᠪᠤᠢ᠂ ᠪᠣᠳᠠᠲᠠᠢ ᠪᠠᠷᠢᠮᠵᠢᠶ᠎ᠠ ᠶᠢᠨ ᠬᠡᠪᠴᠢᠶ᠎ᠡ ᠶᠢ ᠡᠯ᠎ᠡ ᠮᠤᠵᠢ᠂ ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ︽ᠰᠠᠨᠠᠯ︾ ᠳᠤ | ᠬᠡᠯᠡᠵᠦ ᠪᠠᠶᠢᠭ᠎ᠠ ︽ᠠᠵᠢᠯ ᠣᠯᠬᠤ ᠳᠤ ᠬᠦᠴᠢᠷᠲᠡᠢ ᠴᠡᠷᠢᠭ ᠤᠨ ᠠᠯᠪᠠ ᠠᠴᠠ ᠬᠠᠯᠠᠭᠳᠠᠭᠰᠠᠳ︾ ᠭᠡᠳᠡᠭ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠵᠢᠯ ᠣᠯᠭᠤᠯᠲᠠ ᠶᠢ ᠠᠬᠢᠭᠤᠯᠬᠤ ᠬᠠᠤᠯᠢ︾ ᠶᠢᠨ ᠲᠣᠭᠲᠠᠭᠠᠯ ᠶᠣᠰᠣᠭᠠᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠠᠵᠢᠯ ᠣᠯᠬᠤ ᠳᠤ ᠬᠦᠴᠢᠷᠲᠡᠢ ᠬᠥᠮᠥᠰ ᠢᠶᠠᠷ ᠬᠢᠨᠠᠨ ᠲᠣᠭᠲᠠᠭᠠᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠢ | ᠵᠢᠭᠠᠵᠤ ᠪᠠᠶᠢᠨ᠎ᠠ ᠭᠡᠵᠤ ᠲᠣᠭᠲᠠᠭᠠᠪᠠ᠃ | ᠠᠰᠠᠭᠤᠯᠲᠠ᠄ ︽ᠰᠠᠨᠠᠯ︾ ᠳᠤ ᠶᠠᠮᠠᠷ ᠶᠠᠮᠠᠷ ᠪᠣᠳᠠᠲᠠᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠳᠤᠷᠠᠳᠤᠭᠰᠠᠨ ᠪᠣᠶ︖ | ᠬᠠᠷᠢᠭᠤᠯᠲᠠ᠄ ᠭᠤᠣᠯᠳᠠᠭᠤ 6 ᠲᠠᠯ᠎ᠠ ᠶᠢ ᠪᠠᠭᠲᠠᠭᠠᠨ᠎ᠠ᠄ ᠨᠢᠭᠡ ᠳᠤ ᠠᠵᠢᠯ ᠰᠣᠩᠭᠤᠬᠤ ᠵᠢᠯᠣᠭᠤᠳᠤᠯᠭ᠎ᠠ ᠶᠢ ᠴᠢᠩᠭᠠᠳᠬᠠᠨ᠎ᠠ᠃ ᠪᠠᠶᠢᠩᠭᠤᠵᠢᠭᠰᠠᠨ | ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠠᠵᠢᠯ ᠣᠯᠬᠤ ᠳᠤ ᠬᠦᠴᠢᠷᠲᠡᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠪᠠ ᠪᠣᠳᠠᠲᠠᠢ | ᠪᠠᠶᠢᠳᠠᠯ ᠢ ᠣᠨᠣᠪᠴᠢᠲᠠᠶ ᠣᠶᠢᠯᠠᠭᠠᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠬᠠᠪᠰᠤᠷᠤᠨ ᠠᠵᠢᠯ ᠣᠯᠬᠤ ᠵᠢᠱᠢᠭᠰᠡᠨ ᠬᠠᠷᠠᠯᠲᠠ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠵᠤ᠂ ᠲᠣᠬᠢᠷᠠᠮᠵᠢᠲᠠᠢ ᠠᠵᠢᠯ ᠤᠨ ᠪᠠᠶᠢᠷᠢ ᠶᠢ ᠰᠣᠩᠭᠤᠭᠤᠯᠵᠤ ᠴᠠᠭ ᠲᠤᠬᠠᠢ ᠳᠤᠨᠢ ᠠᠵᠢᠯ ᠣᠯᠭᠤᠨ᠎ᠠ᠃ ᠬᠤᠶᠠᠷ ᠲᠤ ᠠᠵᠢᠯ ᠤᠨ | ᠪᠠᠶᠢᠷᠢ ᠶᠢᠨ ᠲᠠᠨᠢᠯᠴᠠᠭᠤᠯᠭ᠎ᠠ ᠶᠢ ᠴᠢᠩᠭᠠᠳᠬᠠᠨ᠎ᠠ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠡᠯ᠎ᠡ ᠲᠦᠷᠦᠯ ᠤᠨ ᠠᠵᠢᠯ ᠣᠯᠭᠤᠬᠤ ᠦᠢᠯᠡᠴᠢᠯᠡᠭᠡᠨ ᠤ | ᠪᠠᠶᠢᠭᠤᠯᠤᠮᠵᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠡᠯ᠎ᠡ ᠲᠦᠷᠦᠯ ᠤᠨ ᠠᠵᠤ ᠠᠬᠤᠶᠢᠯᠠᠯ ᠤᠨ ᠦᠢᠯᠡᠳᠦᠯ ᠢ ᠪᠠᠳᠠᠷᠠᠭᠤᠯᠵᠤ᠂ ᠠᠵᠢᠯ ᠤᠨ ᠪᠠᠶᠢᠷᠢ | ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠤᠨ᠂ ᠠᠵᠢᠯ ᠣᠯᠭᠤᠬᠤ ᠦᠢᠯᠡᠴᠢᠯᠡᠭᠡ ᠬᠠᠩᠭᠠᠨ᠎ᠠ᠃ ᠭᠤᠷᠪᠠ ᠳᠤ ᠦᠢᠯᠡᠰ ᠪᠤᠰᠬᠠᠬᠤ ᠪᠠ ᠠᠮᠢᠳᠤᠯᠢᠭ ᠢᠶᠠᠷ ᠠᠵᠢᠯ | ᠣᠯᠬᠤ ᠶᠢ ᠲᠡᠮᠵᠢᠨ᠎ᠠ᠃ ᠠᠮᠢᠳᠤᠯᠢᠭ ᠢᠶᠠᠷ ᠡᠵᠡᠩᠨᠡᠯᠲᠡ ᠬᠢᠬᠦ ᠰᠠᠨᠠᠭᠠᠲᠠᠢ ᠮᠥᠷᠲᠡᠭᠡᠨ ᠵᠣᠬᠢᠬᠤ ᠴᠢᠳᠠᠪᠤᠷᠢ ᠲᠠᠢ ᠠᠵᠢᠯ ᠣᠯᠬᠤ ᠳᠤ ᠬᠦᠴᠢᠷᠲᠡᠢ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠠᠮᠢᠳᠤᠯᠢᠭ ᠢᠶᠠᠷ ᠡᠵᠡᠩᠨᠡᠯᠲᠡ ᠬᠢᠬᠦ ᠶᠢ ᠳᠡᠮᠵᠢᠵᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ᠂ ᠦᠢᠯᠡᠰ ᠪᠦᠲᠦᠭᠡᠬᠦ ᠨᠢᠭᠡ | ᠤᠳᠠᠭ᠎ᠠ ᠶᠢᠨ ᠴᠢᠨᠠᠷᠲᠠᠢ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ᠃ ᠨᠥᠬᠦᠴᠡᠯ ᠲᠠᠢ ᠭᠠᠵᠠᠷ | ᠣᠷᠣᠨ ᠨᠢ ᠲᠠᠯᠠᠪᠤᠷ᠂ ᠬᠠᠮᠢᠶᠠᠷᠤᠯᠲᠠ᠂ ᠡᠷᠡᠭᠦᠯ ᠬᠠᠮᠠᠭᠠᠯᠠᠯ ᠵᠡᠷᠭᠡ ᠵᠠᠷᠤᠳᠠᠯ ᠤᠨ ᠲᠠᠯ᠎ᠠ ᠪᠠᠷ ᠬᠠᠷᠠᠭᠠᠯᠵᠠᠯ ᠦᠵᠡᠭᠦᠯᠬᠦ ᠶᠢ ᠵᠣᠷᠢᠭᠵᠢᠭᠤᠯᠤᠨ᠎ᠠ᠃ ᠳᠥᠷᠪᠡ ᠳᠤ | ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠠᠵᠢᠯ ᠣᠯᠬᠤ ᠳᠤ ᠬᠦᠴᠢᠷᠲᠡᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ | ᠣᠯᠣᠭᠰᠠᠨ ᠠᠵᠢᠯ ᠠᠯᠳᠠᠭᠰᠠᠨ ᠳᠠᠩᠰᠠᠯᠠᠯ ᠬᠢᠯᠭᠡᠬᠦ ᠶᠢ ᠬᠥᠲᠥᠯᠥᠨ ᠵᠢᠯᠣᠭᠤᠳᠴᠤ᠂ ᠠᠵᠢᠯ ᠣᠯᠭᠤᠯᠲᠠ ᠶᠢ ᠲᠤᠰᠠᠯᠠᠬᠤ ᠲᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠵᠢᠯ ᠣᠯᠬᠤ ᠶᠢ ᠨᠠᠷᠢᠯᠢᠭ ᠣᠨᠣᠪᠴᠢᠲᠠᠢ ᠪᠠᠷ ᠬᠠᠪᠰᠤᠷᠤᠨ ᠳᠡᠳᠬᠦᠨ᠎ᠡ᠃ ᠲᠠᠪᠤ ᠳᠤ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ ᠶᠢ ᠰᠠᠶᠢᠲᠤᠷ ᠬᠡᠷᠡᠭᠯᠡᠨ᠎ᠡ᠃ ᠲᠤᠬᠠᠢ ᠶᠢᠨ ᠭᠠᠵᠠᠷ ᠤᠨ ᠠᠵᠢᠯ ᠣᠯᠬᠤ ᠳᠤ ᠬᠦᠴᠢᠷᠲᠡᠢ ᠬᠥᠮᠥᠰ ᠢ ᠬᠢᠨᠠᠨ ᠲᠣᠭᠲᠠᠭᠠᠬᠤ ᠨᠥᠬᠦᠴᠡᠯ ᠳᠤ | ᠨᠡᠶᠢᠴᠡᠭᠰᠡᠨ ᠴᠡᠷᠢᠭ ᠤᠨ ᠠᠯᠪᠠ ᠠᠴᠠ ᠬᠠᠯᠠᠭᠳᠠᠭᠰᠠᠳ ᠢ ᠬᠠᠪᠰᠤᠷᠤᠨ ᠲᠡᠳᠬᠦᠵᠦ ᠠᠵᠢᠯ ᠣᠯᠭᠤᠬᠤ ᠪᠠᠷ ᠳᠠᠮᠵᠢᠭᠠᠳ ᠵᠠᠬ᠎ᠠ ᠳᠡᠯᠭᠡᠭᠦᠷ ᠤᠨ ᠠᠷᠭ᠎ᠠ ᠵᠠᠮ ᠢᠶᠠᠷ | ᠠᠵᠢᠯ ᠣᠯᠭᠤᠬᠤ ᠳᠤ ᠦᠨᠡᠬᠡᠷ ᠪᠡᠷᠬᠡᠲᠡᠢ ᠪᠠᠶᠢᠪᠠᠯ᠂ ᠲᠣᠭᠲᠠᠭᠠᠯ ᠶᠣᠰᠣᠭᠠᠷ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠪᠠᠷ ᠳᠠᠮᠵᠢᠭᠤᠯᠤᠨ | ᠲᠥᠪᠬᠢᠨᠡᠭᠦᠯᠦᠨ᠎ᠡ᠃ ᠵᠢᠷᠭᠤᠭ᠎ᠠ ᠳᠤ ᠤᠷ᠎ᠠ ᠴᠢᠳᠠᠪᠤᠷᠢ ᠶᠢᠨ ᠪᠣᠯᠪᠠᠰᠤᠷᠠᠯ ᠢ ᠰᠠᠶᠢᠲᠤᠷ ᠬᠢᠨ᠎ᠡ᠃ ᠠᠵᠢᠯ ᠣᠯᠬᠤ ᠳᠤ ᠬᠦᠴᠢᠷᠲᠡᠢ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠡᠯ᠎ᠡ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠬᠤ ᠶᠢ ᠵᠣᠷᠢᠭᠵᠢᠭᠤᠯᠵᠤ᠂ ᠠᠵᠢᠯ ᠣᠯᠬᠤ ᠤᠷ᠎ᠠ | ᠴᠢᠳᠠᠪᠤᠷᠢ ᠶᠢ ᠳᠡᠭᠡᠭᠰᠢᠯᠡᠭᠦᠯᠦᠨ᠂ ᠠᠵᠢᠯ ᠣᠯᠬᠤ ᠥᠷᠢᠰᠦᠯᠳᠦᠬᠦ ᠬᠦᠴᠦᠨ ᠢ ᠴᠢᠩᠭᠠᠳᠬᠠᠨ᠎ᠠ᠃ | ᠠᠰᠠᠭᠤᠯᠲᠠ᠄ ︽ᠰᠠᠨᠠᠯ︾ ᠢ ᠨᠡᠶᠢᠲᠡᠯᠡᠭᠰᠡᠨ ᠨᠢ ᠶᠠᠮᠠᠷ ᠶᠠᠮᠠᠷ ᠠᠴᠢ ᠬᠤᠯᠪᠣᠭᠳᠠᠯ ᠲᠠᠢ ᠪᠣᠶ︖ | ᠬᠠᠷᠢᠭᠤᠯᠲᠠ᠄ ᠴᠡᠷᠢᠭ ᠤᠨ ᠠᠯᠪᠠ ᠠᠴᠠ ᠬᠠᠯᠠᠭᠳᠠᠭᠰᠠᠳ ᠪᠣᠯ ᠬᠥᠮᠥᠨ ᠤ ᠬᠦᠴᠦ ᠴᠢᠳᠠᠪᠤᠷᠢᠲᠠᠨ ᠤ ᠴᠢᠬᠤᠯᠠ ᠡᠬᠢ ᠪᠠᠶᠠᠯᠢᠭ ᠮᠥᠨ᠂ ᠨᠡᠶᠢᠭᠡᠮ | ᠵᠢᠷᠤᠮ ᠤᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠬᠦᠴᠦᠨ ᠮᠥᠨ᠃ ︽ᠰᠠᠨᠠᠯ︾ ᠢ ᠲᠣᠭᠲᠠᠭᠠᠬᠤ ᠪᠠᠷ ᠳᠠᠮᠵᠢᠭᠤᠯᠤᠨ᠂ ᠠᠵᠢᠯ | ᠣᠯᠬᠤ ᠳᠤ ᠬᠦᠴᠢᠷᠲᠡᠢ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠠᠵᠢᠯ ᠣᠯᠭᠤᠬᠤ ᠲᠤᠰᠠᠯᠠᠮᠵᠢ ᠦᠵᠡᠭᠦᠯᠬᠦ ᠠᠵᠢᠯ ᠢ ᠰᠠᠶᠢᠲᠤᠷ ᠬᠢᠵᠦ᠂ ᠲᠡᠳᠡᠨ ᠢ | ᠬᠠᠪᠰᠤᠷᠤᠨ ᠲᠣᠭᠲᠠᠭᠤᠨ ᠢᠶᠠᠷ ᠠᠵᠢᠯ ᠣᠯᠭᠤᠬᠤ ᠪᠣᠯ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ | ᠣᠯᠭᠤᠯᠲᠠ ᠶᠢ ᠲᠣᠭᠲᠠᠪᠤᠷᠢᠵᠢᠭᠤᠯᠤᠨ ᠪᠠᠲᠤᠯᠠᠬᠤ ᠶᠢ ᠰᠠᠶᠢᠲᠤᠷ ᠬᠢᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠬᠤ ᠮᠥᠷᠲᠡᠭᠡᠨ ᠪᠠᠰᠠ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠬᠦ᠂ ᠬᠤᠪᠢ ᠬᠥᠮᠥᠨ ᠤ ᠦᠷᠳᠡᠭ ᠢ ᠪᠡᠶᠡᠯᠡᠭᠦᠯᠬᠦ ᠶᠢᠨ ᠪᠣᠳᠠᠲᠤ ᠬᠡᠷᠡᠭᠴᠡᠭᠡ ᠮᠥᠨ᠂ ᠠᠵᠤ ᠠᠬᠤᠢ | ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ᠂ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | | | |