ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠤᠯᠤᠰ ᠤᠨ ᠪᠠᠶᠠᠷ ᠠᠴᠠ ᠡᠮᠦᠨᠡᠬᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/30
      9 ᠳ᠋ᠦ᠋ᠭᠡᠷ ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠣ ᠬᠤᠸᠠᠢ ᠵᠢᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠡᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠷᠦᠢ ᠮᠢᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠠᠷᠠᠨᠲᠤᠶᠠᠭ᠎ᠠ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠪᠦᠯᠬᠦᠮ ᠳᠠᠭᠠᠭᠤᠯᠤᠨ ᠠᠬᠠᠮᠠᠳ ᠨᠠᠮ ᠤᠨ ᠭᠡᠰᠢᠭᠦᠨ᠂ ᠠᠵᠢᠯ ᠠᠴᠠ ᠪᠠᠨ ᠠᠮᠠᠷᠠᠭᠰᠠᠨ ᠺᠠᠳ᠋ᠷ᠂ ᠰᠢᠯᠢᠳᠡᠭ ᠺᠠᠳ᠋ᠷ ᠠᠵᠢᠯᠲᠠᠨ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠠᠵᠢᠯᠲᠠᠨ ᠤ ᠭᠡᠷ ᠪᠦᠯᠢ ᠵᠢᠴᠢ ᠠᠯᠪᠠᠨ ᠶᠠᠪᠤᠳᠠᠯ ᠢᠶᠠᠷ ᠵᠡᠮᠳᠡᠭ ᠪᠣᠯᠣᠭᠰᠠᠨ ᠴᠡᠷᠢᠭ ᠠᠴᠠ ᠬᠠᠯᠠᠭᠳᠠᠭᠰᠠᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠨ᠂ ᠲᠡᠳᠡᠨ ᠤ ᠣᠷᠳᠣ ᠬᠤᠭᠤᠴᠠᠭᠠᠨ ᠤ ᠲᠤᠷᠰᠢ ᠣᠲᠤᠭ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠠᠮᠤᠷ ᠲᠣᠭᠲᠠᠭᠤᠨ ᠤ ᠦᠢᠯᠡᠰ ᠲᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃      ᠭᠤᠸ ᠬᠤᠸᠠᠢ ᠵᠢᠩ ᠣᠲᠤᠭ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠶᠢᠨ ᠵᠢᠭᠠᠨ ᠵᠢᠯᠣᠭᠤᠳᠤᠭᠴᠢ ᠵᠢᠷᠠᠨᠭᠤᠷᠪᠠ ᠲᠠᠢ ᠳᠣᠲᠣᠨᠣ ᠶᠠᠷᠢᠯᠴᠠᠨ᠂ ᠠᠵᠢᠯ ᠠᠮᠢᠳᠤᠷᠠᠯ ᠤᠨ ᠪᠠᠶᠢᠳᠠᠯ ᠢ ᠨᠢ ᠨᠠᠷᠢᠨ ᠣᠶᠢᠯᠠᠭᠠᠭᠰᠠᠨ ᠤ ᠳᠠᠷᠠᠭ᠎ᠠ ᠬᠡᠯᠡᠬᠦ ᠳᠡᠭᠡᠨ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠥᠬᠦ ᠴᠠᠭᠳᠠᠭ᠎ᠠ ︽ᠨᠠᠮ ᠳᠠᠭᠠᠨ ᠦᠨᠡᠨᠴᠢ ᠬᠠᠨᠳᠤᠬᠤ᠂ ᠠᠷᠠᠳ ᠲᠦᠮᠡᠨ ᠳᠤ ᠦᠢᠯᠡᠴᠢᠯᠡᠬᠦ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ︾ ᠶᠡᠷᠦᠩᠬᠡᠢ ᠱᠠᠭᠠᠷᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠪᠠᠨ ᠭᠦᠢᠴᠡᠳ ᠪᠠᠳᠠᠷᠠᠭᠤᠯᠤᠨ᠂ ᠬᠤᠲᠠ ᠶᠢᠨ ᠪᠣᠯᠪᠠᠰᠤᠨ ᠤ ᠪᠠᠶᠢᠭᠤᠯᠤᠯᠲᠠ᠂ ᠠᠮᠤᠷ ᠠᠮᠤᠭᠤᠯᠠᠩ ᠤᠨ ᠪᠠᠶᠢᠭᠤᠯᠤᠯᠲᠠ᠂ ᠬᠠᠤᠯᠢᠵᠢᠯ ᠤᠨ ᠪᠠᠶᠢᠭᠤᠯᠤᠯᠲᠠ ᠳᠤ ᠴᠢᠬᠤᠯᠠ ᠦᠢᠯᠡᠳᠦᠯ ᠦᠵᠡᠭᠦᠯᠦᠭᠰᠡᠭᠡᠷ ᠢᠷᠡᠪᠡ᠃ ᠦᠷᠭᠦᠯᠵᠢᠯᠡᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠴᠢᠳᠠᠪᠤᠷᠢ ᠪᠠᠨ ᠳᠠᠰᠤᠷᠠᠯᠳᠠ ᠦᠭᠡᠢ ᠳᠡᠭᠡᠭᠰᠢᠯᠡᠭᠦᠯᠦᠨ᠂ ᠠᠮᠤᠭᠤᠯᠠᠩ ᠤᠳᠤᠭ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃
1.jpg
           ᠭᠤᠤ ᠬᠤᠸᠠᠢ ᠵᠢᠩ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠭᠦᠸᠧ ᠪᠦᠦ ᠱᠤ᠋ ᠶᠢᠨ ᠭᠡᠷ ᠲᠤ ᠬᠦᠷᠴᠦ᠂ ᠡᠳᠦᠷ ᠳᠣᠳᠥᠮ ᠤᠨ ᠠᠮᠢᠳᠤᠷᠠᠯ ᠬᠢᠭᠡᠳ ᠪᠡᠶ᠎ᠡ ᠮᠠᠬᠠᠪᠤᠳ ᠤᠨ ᠪᠠᠶᠢᠳᠠᠯ ᠢ ᠨᠢ ᠬᠠᠯᠠᠮᠵᠢᠯᠠᠨ᠂ ᠲᠡᠭᠦᠨ ᠯᠦᠭᠡ ᠬᠠᠮᠲᠤ ᠪᠠᠷ ᠰᠢᠷᠭᠠᠭᠤ ᠬᠠᠲᠠᠭᠤᠵᠢᠯᠲᠠᠢ ᠲᠡᠮᠡᠴᠡᠭᠰᠡᠨ ᠴᠡᠷᠢᠭ ᠠᠩᠭᠢ ᠶᠢᠨ ᠣᠨ ᠰᠠᠷ᠎ᠠ ᠶᠢ ᠡᠷᠭᠢᠴᠡᠭᠦᠯᠵᠦ᠂ ᠨᠠᠮ ᠪᠣᠯᠣᠨ ᠤᠯᠤᠰ ᠤᠨ ᠣᠯᠣᠭᠰᠠᠨ ᠬᠥᠭᠵᠢᠯᠲᠡ ᠶᠢᠨ ᠠᠮᠵᠢᠯᠲᠠ ᠶᠢ ᠶᠠᠷᠢᠯᠴᠠᠭᠰᠠᠨ ᠪᠥᠭᠡᠳ ᠲᠡᠭᠦᠨ ᠤ ᠠᠳᠠᠯᠢ ᠪᠤᠰᠤ ᠴᠠᠭ ᠦᠶ᠎ᠡ ᠳᠤ ᠣᠷᠣᠨ ᠨᠤᠲᠤᠭ ᠤᠨ ᠬᠥᠭᠵᠢᠯᠲᠡ ᠳᠤ ᠦᠵᠡᠭᠦᠯᠦᠭᠰᠡᠨ ᠯᠤᠲᠤ ᠶᠡᠭᠡ ᠬᠤᠪᠢ ᠨᠡᠮᠡᠷᠢ ᠳᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠡᠢ᠃      ᠭᠤᠤ ᠬᠤᠸᠠᠢ ᠵᠢᠩ ᠬᠡᠯᠡᠬᠦ ᠳᠡᠭᠡᠨ᠂ ᠠᠬᠠᠮᠠᠳ ᠪᠠᠶᠢᠯᠳᠤᠭᠴᠢ ᠪᠣᠯ ᠨᠠᠮ ᠪᠣᠯᠣᠨ ᠤᠯᠤᠰ ᠤᠨ ᠡᠷᠬᠢᠮ ᠨᠠᠨᠳᠢᠨ ᠥᠪ ᠬᠥᠷᠥᠩᠭᠡ ᠪᠥᠭᠡᠳ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢᠨ ᠭᠡᠷᠡᠴᠢᠯᠡᠭᠴᠢ ᠮᠥᠨ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠬᠤᠪᠢᠰᠬᠠᠯᠲᠤ ᠠᠬᠠᠮᠠᠳ ᠦᠶ᠎ᠡ ᠶᠢᠨ ᠬᠢᠨ ᠤ ᠠᠭᠤᠤ ᠶᠡᠭᠡ ᠭᠠᠪᠢᠶ᠎ᠠ ᠵᠢᠳᠬᠦᠯ ᠢ ᠪᠠᠲᠤ ᠴᠡᠭᠡᠵᠢᠯᠡᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠬᠦᠴᠢᠷ ᠢ ᠲᠤᠭᠤᠯᠤᠨ᠂ ᠠᠵᠢᠯ ᠬᠢᠵᠦ ᠦᠢᠯᠡᠰ ᠪᠦᠲᠦᠭᠡᠬᠦ ᠣᠷᠭᠢᠯᠤᠮ᠎ᠠ ᠬᠠᠯᠠᠭᠤᠨ ᠰᠡᠳᠬᠢᠯᠭᠡ ᠪᠣᠯᠣᠨ ᠬᠥᠳᠡᠯᠭᠡᠭᠴᠢ ᠬᠦᠴᠦᠨ ᠢᠶᠠᠨ ᠴᠢᠨᠠᠭᠰᠢᠳᠠ ᠬᠥᠭᠵᠢᠭᠡᠵᠦ᠂ ᠬᠤᠪᠢᠰᠬᠠᠯᠲᠤ ᠠᠬᠠᠮᠠᠳ ᠦᠶ᠎ᠡ ᠶᠢᠨ ᠬᠢᠨ ᠤ ᠡᠭᠦᠳᠦᠨ ᠪᠦᠲᠦᠭᠡᠭᠰᠡᠨ ᠦᠢᠯᠡᠰ ᠢ ᠳᠠᠰᠤᠷᠠᠯᠳᠠ ᠦᠭᠡᠢ ᠠᠬᠢᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠢᠯᠡᠳᠦᠯᠭᠡ ᠳᠤᠮᠳᠠ ᠭᠠᠪᠢᠶ᠎ᠠ ᠪᠠᠶᠢᠭᠤᠯᠬᠤ ᠬᠡᠷᠡᠭᠲᠡᠢ ᠭᠡᠪᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠤᠪᠢᠰᠬᠠᠯᠲᠤ ᠠᠬᠠᠮᠠᠳ ᠦᠶ᠎ᠡ ᠶᠢᠨ ᠬᠢᠨ ᠢ ᠦᠷᠭᠦᠯᠵᠢᠯᠡᠨ ᠬᠠᠯᠠᠮᠵᠢᠯᠠᠨ ᠬᠠᠶᠢᠷᠠᠯᠠᠵᠤ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠠᠬᠠᠮᠠᠳ ᠺᠠᠳ᠋ᠷᠴᠤᠳ ᠢ ᠦᠨᠡᠨᠬᠦ ᠤᠯᠤᠰ ᠲᠦᠷᠦ ᠶᠢᠨ ᠲᠠᠯ᠎ᠠ ᠪᠠᠷ ᠢᠷᠠᠭᠤ ᠠᠯᠳᠠᠷᠲᠤ ᠲᠥᠷᠥᠭᠳᠡᠯ ᠲᠠᠢ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠬᠠᠷᠢᠶᠠᠯᠠᠭᠳᠠᠬᠤ ᠲᠥᠷᠥᠭᠳᠡᠯ ᠲᠠᠢ᠂ ᠠᠮᠢᠳᠤᠷᠠᠯ ᠤᠨ ᠲᠠᠯ᠎ᠠ ᠪᠠᠷ ᠵᠢᠷᠭᠠᠯᠲᠤ ᠲᠥᠷᠥᠭᠳᠡᠯ ᠲᠠᠢ ᠪᠣᠯᠭᠠᠬᠤ ᠬᠡᠷᠡᠭᠲᠡᠢ ᠭᠡᠵᠦ ᠵᠠᠬᠢᠪᠠ᠃      ᠰᠣ᠋ ᡁᠢ ᠰᠢᠶᠦ᠋ᠡᠭ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠶᠢ ᠡᠭᠦᠷᠭᠡᠯᠡᠵᠦ ᠪᠠᠶᠢᠭ᠎ᠠ ᠨᠠᠮ ᠤᠨ ᠡᠭᠦᠷ ᠤᠨ ᠰᠠᠶᠢᠨ ᠱᠦᠵᠢ ᠵᠢᠷᠠᠡᠨᠢᠭᠡ ᠶᠢᠨ ᠭᠡᠷ ᠲᠤ ᠬᠦᠷᠴᠦ᠂ ᠠᠵᠢᠯ ᠠᠮᠢᠳᠤᠷᠠᠯ ᠤᠨ ᠪᠠᠶᠢᠳᠠᠯ ᠢ ᠨᠢ ᠨᠠᠷᠢᠨ ᠣᠶᠢᠯᠠᠭᠠᠨ᠂ ᠤᠯᠠᠨ ᠵᠢᠯ ᠤᠨ ᠲᠤᠷᠰᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠵᠡᠷᠭᠡ ᠲᠠᠯ᠎ᠠ ᠪᠠᠷ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠳᠤ ᠲᠠᠯᠠᠷᠬᠠᠪᠠ᠃ ᠰᠣ᠋ ᡁᠢ ᠰᠢᠶᠦ᠋ᠡᠭ ᠬᠡᠯᠡᠬᠦ ᠳᠡᠭᠡᠨ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠤᠯᠠᠨ ᠲᠦᠮᠡᠨ ᠢ ᠳᠠᠶᠢᠴᠢᠯᠠᠨ ᠠᠵᠢᠯ ᠬᠢᠵᠦ ᠦᠢᠯᠡᠰ ᠪᠦᠲᠦᠭᠡᠨ᠂ ᠠᠵᠤ ᠠᠬᠤᠢ ᠶᠢ ᠬᠥᠭᠵᠢᠭᠦᠯᠵᠦ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠰᠠᠶᠢᠲᠤᠷ ᠪᠠᠬᠢᠵᠢᠭᠦᠯᠦᠨ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠂ ᠥᠷᠭᠡᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠪᠡ᠃
2.jpg
           ᠰᠣ᠋ ᡁᠢ ᠰᠢᠶᠦ᠋ᠡᠭ ᠥᠪᠡᠷᠲᠡᠭᠡᠨ ᠵᠠᠰᠠᠬᠤ ᠣᠷᠣᠨ ᠤ ᠰᠢᠯᠢᠳᠡᠭ ᠨᠠᠮ ᠤᠨ ᠭᠡᠰᠢᠭᠦᠨ ᠬᠠᠨ ᠶᠢᠨ ᠠᠨ ᠤ ᠭᠡᠷ ᠲᠤ ᠬᠦᠷᠴᠦ᠂ ᠠᠮᠢᠳᠤᠷᠠᠯ ᠤᠨ ᠪᠠᠶᠢᠳᠠᠯ ᠪᠣᠯᠣᠨ ᠪᠡᠶ᠎ᠡ ᠮᠠᠬᠠᠪᠤᠳ ᠢ ᠨᠢ ᠬᠠᠯᠠᠮᠵᠢᠯᠠᠵᠤ ᠠᠰᠠᠭᠤᠨ᠂ ᠲᠡᠭᠦᠨ ᠤ ᠣᠯᠠᠨ ᠵᠢᠯ ᠤᠨ ᠲᠤᠷᠰᠢ ᠪᠥᠬᠦ ᠬᠤᠰᠢᠭᠤᠨ ᠤ ᠡᠮ ᠡᠮᠨᠡᠯᠭᠡ ᠶᠢᠨ ᠦᠢᠯᠡᠰ ᠲᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠭᠰᠠᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠯᠠᠪᠳᠠᠭᠤᠨ ᠪᠠᠲᠤᠲᠠᠢ ᠥᠷᠨᠢᠭᠦᠯᠦᠨ᠂ ᠦᠨᠡᠨ ᠰᠡᠳᠬᠢᠯ ᠠᠴᠠ ᠪᠠᠨ ᠰᠠᠶᠢᠲᠤᠷ ᠦᠢᠯᠡᠴᠢᠯᠡᠵᠦ᠂ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠳᠠᠮᠵᠢᠭᠤᠯᠤᠨ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠳᠤ ᠪᠣᠳᠠᠲᠠᠢ ᠰᠠᠶᠢᠨ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠨ᠂ ᠲᠡᠳᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠵᠦ᠂ ᠥᠲᠡᠯᠦᠭᠡ ᠨᠠᠰᠤ ᠪᠠᠨ ᠵᠣᠯ ᠵᠢᠷᠭᠠᠯ ᠲᠠᠢ᠂ ᠠᠮᠤᠷ ᠲᠠᠶᠢᠪᠤᠡᠭ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃      ᠪᠣᠯᠭᠤᠭᠠᠨ ᠲᠣᠬᠤᠨᠢᠭᠤᠯᠬᠤ ᠶᠠᠪᠤᠴᠠ ᠳᠤ᠂ ᠯᠢ ᠷᠦᠢ ᠮᠢᠨ ᠠᠬᠠᠮᠠᠳ ᠺᠠᠳ᠋ᠷ ᠵᠢᠴᠢ ᠭᠡᠷ ᠪᠦᠯᠢ ᠶᠢᠨ ᠬᠢᠨ ᠲᠠᠢ ᠳᠣᠲᠣᠨᠣ ᠶᠠᠷᠢᠯᠴᠠᠨ᠂ ᠪᠡᠶ᠎ᠡ ᠮᠠᠬᠠᠪᠤᠳ ᠪᠠ ᠠᠮᠢᠳᠤᠷᠠᠯ ᠤᠨ ᠪᠠᠶᠢᠳᠠᠯ ᠢ ᠨᠢ ᠨᠠᠷᠢᠨ ᠠᠰᠠᠭᠤᠵᠤ᠂ ᠰᠠᠨᠠᠯ ᠰᠠᠨᠠᠭᠤᠯᠭ᠎ᠠ ᠶᠢ ᠨᠢ ᠬᠢᠨᠠᠮᠠᠭᠠᠢ ᠰᠣᠨᠣᠰᠤᠨ᠂ ᠲᠡᠳᠡᠨ ᠤ ᠪᠥᠬᠦ ᠬᠤᠰᠢᠭᠤᠨ ᠤ ᠡᠯ᠎ᠡ ᠵᠦᠢᠯ ᠤᠨ ᠦᠢᠯᠡᠰ ᠲᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠳᠤ ᠲᠠᠯᠠᠷᠬᠠᠭᠰᠠᠨ ᠪᠥᠭᠡᠳ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠪᠠᠷ ᠠᠷᠭ᠎ᠠ ᠪᠣᠳᠣᠯᠭ᠎ᠠ ᠳᠤᠷᠠᠳᠬᠤ ᠶᠢ ᠵᠣᠷᠢᠭᠵᠢᠭᠤᠯᠪᠠ᠃
3.jpg
           ᠯᠢ ᠷᠦᠢ ᠮᠢᠨ ᠬᠡᠯᠡᠬᠦ ᠳᠡᠭᠡᠨ᠂ ᠠᠬᠠᠮᠠᠳ ᠨᠠᠮ ᠤᠨ ᠭᠡᠰᠢᠭᠦᠨ ᠪᠣᠯ ᠨᠠᠮ ᠪᠠ ᠤᠯᠤᠰ ᠣᠷᠣᠨ ᠤ ᠡᠷᠬᠢᠮ ᠨᠠᠨᠳᠢᠨ ᠥᠪ ᠬᠥᠷᠥᠩᠭᠡ ᠮᠥᠨ᠂ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠳᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠪᠣᠳᠠᠲᠠᠢ ᠬᠦᠴᠢᠷᠳᠡᠯ ᠢ  ᠨᠢ ᠰᠢᠢᠳᠪᠦᠷᠢᠯᠡᠨ᠂ ᠲᠡᠳᠡᠨ ᠳᠤ ᠨᠠᠮ ᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ᠂ ᠡᠷᠡᠭᠦᠯ ᠰᠠᠷᠠᠭᠤᠯ ᠪᠠᠶᠠᠷ ᠪᠠᠶᠠᠰᠤᠯ ᠲᠠᠢ ᠠᠮᠢᠳᠤᠷᠠᠯ ᠢ ᠨᠡᠩ ᠰᠠᠶᠢᠨ ᠡᠳ᠋ᠯᠡᠭᠦᠯᠬᠦ ᠬᠡᠷᠡᠭᠲᠡᠢ ᠭᠡᠪᠡ᠃      ᠪᠣᠯᠭᠤᠭᠠᠨ ᠲᠣᠬᠤᠨᠢᠭᠤᠯᠬᠤ ᠶᠠᠪᠤᠴᠠ ᠳᠤ᠂ ᠰᠠᠷᠠᠨᠲᠤᠶᠠᠭ᠎ᠠ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠠᠵᠢᠯᠲᠠᠨ ᠤ ᠭᠡᠷ ᠪᠦᠯᠢ᠂ ᠠᠯᠪᠠᠨ ᠶᠠᠪᠤᠳᠠᠯ ᠢᠶᠠᠷ ᠵᠡᠮᠳᠡᠭ ᠪᠣᠯᠣᠭᠰᠠᠨ ᠴᠡᠷᠢᠭ ᠠᠴᠠ ᠬᠠᠯᠠᠭᠳᠠᠭᠰᠠᠳ ᠲᠠᠢ ᠳᠣᠲᠣᠨᠣ ᠶᠠᠷᠢᠯᠴᠠᠵᠤ᠂ ᠪᠡᠶ᠎ᠡ ᠮᠠᠬᠠᠪᠤᠳ ᠪᠣᠯᠣᠨ ᠠᠮᠢᠳᠤᠷᠠᠯ ᠤᠨ ᠬᠦᠴᠢᠷᠳᠡᠯ ᠢ ᠨᠢ ᠨᠠᠷᠢᠨ ᠣᠶᠢᠯᠠᠭᠠᠭᠰᠠᠨ ᠪᠥᠭᠡᠳ ᠪᠡᠶ᠎ᠡ ᠪᠠᠨ ᠰᠠᠶᠢᠲᠤᠷ ᠭᠠᠮᠨᠠᠵᠤ᠂ ᠬᠦᠴᠢᠷᠳᠡᠯ ᠲᠠᠢ ᠪᠣᠯ ᠴᠠᠭ ᠲᠤᠬᠠᠢ ᠳᠤᠨᠢ ᠵᠣᠬᠢᠶᠠᠨ ᠪᠠᠶᠢᠭᠤᠯᠤᠯᠲᠠ ᠳᠤ ᠲᠤᠰᠬᠠᠨ᠂ ᠵᠣᠬᠢᠶᠠᠨ ᠪᠠᠶᠢᠭᠤᠯᠤᠯᠲᠠ ᠠᠴᠠ ᠬᠠᠮᠤᠭ ᠬᠦᠴᠦᠨ ᠢᠶᠠᠷ ᠢᠶᠠᠨ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠵᠠᠬᠢᠪᠠ᠃
4.jpg
           ᠰᠠᠷᠠᠨᠲᠤᠶᠠᠭ᠎ᠠ ᠬᠡᠯᠡᠬᠦ ᠳᠡᠭᠡᠨ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠠᠵᠢᠯᠲᠠᠨ᠂ ᠠᠯᠪᠠᠨ ᠶᠠᠪᠤᠳᠠᠯ ᠢᠶᠠᠷ ᠵᠡᠮᠳᠡᠭ ᠪᠣᠯᠣᠭᠰᠠᠨ ᠴᠡᠷᠢᠭ ᠬᠦᠮᠦᠰ ᠤᠲᠤᠭ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠥᠭᠡ ᠯᠤᠲᠤ ᠶᠡᠭᠡ ᠦᠷᠡᠭᠳᠡᠯ ᠭᠠᠷᠭᠠᠵᠤ ᠢᠳᠡᠪᠬᠢᠲᠡᠢ ᠬᠤᠪᠢ ᠨᠡᠮᠡᠷᠢ ᠦᠵᠡᠭᠦᠯᠪᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠡᠳᠡᠨ ᠤ ᠭᠡᠷ ᠪᠦᠯᠢ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠦᠷᠭᠦᠯᠵᠢ ᠬᠠᠯᠠᠮᠵᠢᠯᠠᠨ ᠠᠩᠬᠠᠷᠴᠤ᠂ ᠬᠦᠴᠢᠷ ᠵᠣᠪᠠᠭᠤᠷᠢ ᠶᠢ ᠨᠢ ᠦᠨᠡᠨᠬᠦ ᠰᠢᠢᠳᠪᠦᠷᠢᠯᠡᠨ᠂ ᠲᠡᠳᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠦᠨᠡᠨᠬᠦ ᠮᠡᠳᠡᠷᠡᠭᠦᠯᠬᠦ ᠬᠡᠷᠡᠭᠲᠡᠢ ᠭᠡᠪᠡ᠃   
ᠢᠷᠡᠯᠲᠡ᠄ ᠣᠲᠤᠭ ᠨᠡᠶᠢᠲᠡᠯᠡᠯ