ᠤᠯᠠᠭᠠᠨᠪᠠᠯᠭᠠᠰᠤ ᠴᠡᠷᠢᠭ ᠤᠨ ᠠᠯᠪᠠ ᠠᠴᠠ ᠬᠠᠯᠠᠭᠳᠠᠭᠰᠠᠳ ᠢ ᠵᠣᠬᠢᠶᠠᠨ ᠪᠠᠶᠢᠭᠤᠯᠵᠤ ᠬᠤᠪᠢᠰᠬᠠᠯ ᠤᠨ ᠰᠠᠭᠤᠷᠢᠨ ᠭᠠᠵᠠᠷ ᠲᠤ ᠣᠴᠢᠭᠤᠯᠤᠨ  ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/30
      ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ ᠤᠨ ᠰᠢᠯᠢᠳᠡᠭ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠬᠤ ᠶᠢ ᠬᠥᠲᠥᠯᠥᠨ ᠵᠢᠯᠤᠭᠤᠳᠬᠤ ᠪᠠᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠳᠠᠯᠠᠨ ᠲᠠᠪᠤᠨ ᠵᠢᠯ ᠤᠨ ᠣᠶ ᠬᠦᠷᠴᠦ ᠢᠷᠡᠬᠦ ᠲᠠᠰᠢᠷᠠᠮ ᠳᠤ᠂ ᠤᠯᠠᠭᠠᠨᠪᠠᠯᠭᠠᠰᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠦᠢᠯᠡᠴᠢᠯᠡᠭᠡᠨ ᠤ ᠥᠷᠲᠡᠭᠡ ᠠᠴᠠ ᠴᠡᠷᠢᠭ ᠠᠴᠠ ᠬᠠᠯᠠᠭᠳᠠᠭᠰᠠᠳ᠂ ᠴᠡᠷᠢᠭ ᠠᠴᠠ ᠬᠠᠯᠠᠭᠳᠠᠭᠰᠠᠨ ᠰᠠᠶᠢᠨ ᠳᠤᠷᠠᠴᠤᠳ ᠵᠢᠴᠢ ᠪᠤᠰᠤᠳ ᠠᠵᠢᠯᠲᠠᠨ ᠵᠡᠷᠭᠡ 30 ᠭᠠᠷᠤᠢ ᠬᠥᠮᠥᠨ ᠢ ᠵᠣᠬᠢᠶᠠᠨ ᠪᠠᠶᠢᠭᠤᠯᠤᠨ ᠱᠠᠨᠰᠢ ᠮᠤᠵᠢ ᠶᠢᠨ ᠲᠡᠮᠡᠭᠡᠲᠦ ᠬᠤᠲᠠ ᠳᠤ ᠣᠴᠢᠭᠤᠯᠵᠤ᠂ ᠱᠠᠨᠪᠧᠢ ᠠᠷᠠᠳ ᠤᠨ ᠳᠠᠭᠤᠤ ᠶᠢᠨ ᠮᠦᠽᠧᠢ᠂ ᠢᠦᠢ ᠶᠠᠩ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠦᠢᠯᠡᠴᠢᠯᠡᠭᠡᠨ ᠤ ᠦᠷᠳᠡᠭᠡ᠂ ᠲᠡᠮᠡᠭᠡᠲᠦ ᠶᠢᠨ ᠴᠡᠷᠢᠭ ᠤᠨ ᠬᠤᠸᠠᠷᠠᠨ ᠤ ᠰᠣᠶᠣᠯ ᠤᠨ ᠬᠦᠷᠢᠶᠡᠯᠡᠩ ᠵᠢᠴᠢ ᠰᠦᠢ ᠳ᠋ᠧ ᠶᠢᠨ ᠬᠤᠤ ᠵᠢᠶᠠ ᠴᠢᠶᠣᠤ ᠲᠣᠰᠬᠤᠨ ᠵᠡᠷᠭᠡ ᠭᠠᠵᠠᠷ ᠢᠶᠠᠷ  ᠲᠣᠭᠤᠷᠢᠨ ᠦᠵᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠴᠢᠨᠠᠭᠰᠢᠳᠠ ᠭᠦᠨᠵᠡᠭᠡᠶᠢᠷᠡᠭᠦᠯᠦᠨ᠂ ᠬᠤᠪᠢᠰᠬᠠᠯ ᠤᠨ ᠰᠤᠳᠤᠯᠵᠤ ᠰᠤᠷᠤᠯᠴᠠᠬᠤ ᠠᠶᠠᠯᠠᠯ ᠢᠶᠠᠨ ᠡᠬᠢᠯᠡᠭᠦᠯᠵᠡᠢ᠃      ᠱᠠᠨᠪᠧᠢ ᠠᠷᠠᠳ ᠤᠨ ᠳᠠᠭᠤᠤ ᠶᠢᠨ ᠮᠦᠽᠧᠢ ᠨᠢ ᠱᠠᠨᠪᠧᠢ ᠠᠷᠠᠳ ᠤᠨ ᠳᠠᠭᠤᠤ ᠶᠢᠨ ᠳᠣᠲᠣᠷᠠᠬᠢ ᠬᠤᠪᠢᠰᠬᠠᠯ ᠤᠨ ᠲᠡᠦᠬᠡ ᠶᠢ ᠭᠦᠢᠴᠡᠳ ᠠᠰᠢᠭᠯᠠᠨ ᠠᠭᠤᠳᠠᠯᠵᠤ᠂ ᠣᠯᠠᠨ ᠬᠡᠯᠪᠡᠷᠢ ᠲᠠᠢ᠂ ᠨᠥᠯᠥᠭᠡᠯᠡᠬᠦ ᠬᠦᠴᠦᠨ ᠢᠶᠠᠷ ᠴᠢᠩᠭ᠎ᠠ ᠭᠤᠣᠯ ᠰᠡᠳᠦᠪᠲᠦ ᠰᠤᠷᠭᠠᠨ ᠬᠥᠮᠦᠵᠢᠯ ᠤᠨ ᠠᠵᠢᠯᠯᠠᠭ᠎ᠠ ᠪᠠᠷ ᠱᠠᠨᠪᠧᠢ ᠣᠷᠣᠨ ᠤ ᠦᠨᠳᠦᠰᠦᠲᠡᠨ ᠤ ᠲᠡᠦᠬᠡ ᠰᠣᠶᠣᠯ ᠢ ᠣᠯᠠᠨ ᠳᠤ ᠳᠡᠯᠭᠡᠨ ᠦᠵᠡᠭᠦᠯᠦᠭᠰᠡᠨ ᠪᠠᠶᠢᠨ᠎ᠠ᠃ ᠲᠣᠭᠤᠷᠢᠨ ᠦᠵᠡᠬᠦ ᠶᠠᠪᠤᠴᠠ ᠳᠤ᠂ ᠴᠡᠷᠢᠭ ᠠᠴᠠ ᠬᠠᠯᠠᠭᠳᠠᠭᠰᠠᠳ ᠢᠷᠠᠭᠤ ᠰᠠᠶᠢᠬᠠᠨ ᠠᠷᠠᠳ ᠤᠨ ᠳᠠᠭᠤᠤ ᠶᠢᠨ ᠬᠥᠭ ᠠᠶᠠᠰ ᠳᠤᠮᠳᠠ ᠱᠠᠨᠪᠧᠢ ᠠᠷᠠᠳ ᠲᠦᠮᠡᠨ ᠤ ᠣᠷᠭᠢᠯᠤᠮ᠎ᠠ ᠬᠠᠯᠠᠭᠤᠨ ᠰᠡᠳᠬᠢᠯᠭᠡ ᠪᠠ ᠤᠶᠠᠨ ᠬᠠᠳᠠᠨ ᠵᠣᠷᠢᠭ ᠢ ᠮᠡᠳᠡᠷᠡᠵᠦ᠂ ᠡᠳᠡᠭᠡᠷ ᠠᠷᠠᠳ ᠤᠨ ᠳᠠᠭᠤᠤ ᠶᠢᠨ ᠤᠯᠠᠮᠵᠢᠯᠠᠭᠳᠠᠭᠰᠠᠨ ᠵᠣᠷᠢᠭ ᠰᠠᠨᠠᠭᠠᠨ ᠤ ᠨᠠᠶᠢᠳᠠᠯᠭ᠎ᠠ ᠶᠢ ᠨᠠᠷᠢᠨ ᠣᠶᠢᠯᠠᠭᠠᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠤᠪᠢᠰᠬᠠᠯ ᠤᠨ ᠵᠣᠷᠢᠭ ᠰᠠᠨᠠᠭ᠎ᠠ ᠶᠢ ᠳᠤᠷᠠᠰᠤᠨ ᠰᠠᠨᠠᠭᠠᠯᠵᠠᠬᠤ ᠰᠡᠳᠬᠢᠯᠭᠡ ᠶᠢ ᠬᠥᠭᠵᠢᠭᠡᠵᠦ᠂ ᠲᠡᠳᠡᠨ ᠤ ᠦᠨᠳᠦᠰᠦᠲᠡᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠤᠨ᠂ ᠬᠤᠪᠢᠰᠬᠠᠯ ᠤᠨ ᠤᠭ ᠰᠠᠨᠠᠭ᠎ᠠ ᠶᠢ ᠤᠯᠠᠮᠵᠢᠯᠠᠬᠤ ᠶᠢ ᠵᠣᠷᠢᠭᠵᠢᠭᠤᠯᠪᠠ᠃      ᠢᠤᠢ ᠶᠠᠩ ᠲᠣᠭᠤᠷᠢᠭ ᠤᠨ ᠮᠢᠩ ᠵᠦ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ ᠱᠠ ᠾᠧ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠴᠡᠷᠢᠭ ᠤᠨ ᠠᠯᠪᠠ ᠠᠴᠠ  ᠬᠠᠯᠠᠭᠳᠠᠭᠰᠠᠳ ᠤᠨ ᠦᠢᠯᠡᠴᠢᠯᠡᠭᠡᠨ ᠤ ᠦᠷᠳᠡᠭᠡ ᠳᠤ ᠬᠦᠷᠬᠦ ᠳᠤ ᠬᠠᠲᠠᠭᠤ ᠲᠤᠨᠤᠭ ᠲᠥᠬᠦᠭᠡᠷᠦᠮᠵᠢ ᠪᠦᠷᠢᠨ ᠭᠦᠢᠴᠡᠳ ᠪᠠᠶᠢᠵᠦ᠂ ᠡᠯ᠎ᠡ ᠲᠦᠷᠦᠯ ᠤᠨ ᠦᠢᠯᠡᠴᠢᠯᠡᠭᠡ ᠡᠮᠬᠢ ᠵᠢᠷᠤᠮ ᠲᠠᠢ ᠶᠠᠪᠤᠭᠳᠠᠵᠤ ᠪᠠᠶᠢᠯ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠦᠢᠯᠡᠴᠢᠯᠡᠭᠡᠨ ᠤ ᠥᠷᠲᠡᠭᠡ ᠶᠢᠨ ᠠᠵᠢᠯᠲᠠᠳ ᠠᠳᠡ ᠠᠵᠢᠯ ᠣᠯᠬᠤ ᠵᠢᠯᠣᠭᠤᠳᠤᠯᠭ᠎ᠠ ᠬᠢᠬᠦ᠂ ᠰᠡᠳᠬᠢᠴᠡ ᠶᠢᠨ ᠵᠥᠪᠯᠡᠯᠭᠡ ᠥᠭᠬᠦ᠂ ᠬᠢᠲᠠᠳ ᠡᠮᠨᠡᠯᠭᠡ ᠶᠢᠨ ᠹᠢᠽᠢᠺ ᠵᠠᠰᠠᠯ ᠬᠢᠬᠦ᠂ ᠨᠣᠮ ᠤᠩᠰᠢᠵᠤ ᠨᠠᠶᠢᠵᠠᠯᠠᠬᠤ ᠵᠡᠷᠭᠡ ᠶᠢ ᠪᠠᠭᠲᠠᠭᠠᠭᠰᠠᠨ ᠪᠠᠬᠢᠯᠡᠯᠲᠡ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠦᠢᠯᠡᠴᠢᠯᠡᠭᠡᠨ ᠤ ᠲᠥᠷᠥᠯ ᠵᠦᠢᠯ ᠤᠨ ᠲᠤᠷᠰᠢᠯᠭ᠎ᠠ ᠶᠢ ᠰᠤᠷᠤᠯᠴᠠᠵᠤ ᠪᠠᠶᠢᠬᠤ ᠶᠢ ᠣᠯᠵᠤ ᠬᠠᠷᠠᠪᠠ᠂ ᠡᠭᠦᠨ ᠠᠴᠠ ᠢᠤᠢ ᠶᠠᠩ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠦᠢᠯᠡᠴᠢᠯᠡᠭᠡᠨ ᠤ ᠦᠷᠳᠡᠭᠡ ᠠᠴᠠ ᠲᠤᠬᠠᠢ ᠶᠢᠨ ᠭᠠᠵᠠᠷ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠢ ᠴᠢᠬᠤᠯᠠᠴᠢᠯᠠᠨ ᠬᠠᠯᠠᠮᠵᠢᠯᠠᠵᠤ ᠪᠠᠶᠢᠬᠤ ᠶᠢ ᠭᠦᠨᠵᠡᠭᠡᠢ ᠣᠶᠢᠯᠠᠭᠠᠪᠠ᠂ ᠡᠨᠡ ᠨᠢ ᠲᠡᠳᠡᠨ ᠤ ᠬᠤᠶᠢᠰᠢᠳᠠ ᠶᠢᠨ ᠡᠳᠦᠷ ᠳᠤᠳᠤᠮ ᠤᠨ ᠠᠮᠢᠳᠤᠷᠠᠯ ᠳᠤᠮᠳᠠ ᠴᠡᠷᠢᠭ ᠬᠥᠮᠥᠨ ᠤ ᠣᠣᠷ ᠴᠢᠨᠠᠷ ᠢ ᠦᠷᠭᠦᠯᠵᠢᠯᠡᠨ ᠪᠠᠳᠠᠷᠠᠭᠤᠯᠵᠤ᠂ ᠣᠷᠣᠨ ᠨᠤᠲᠤᠭ ᠤᠨ ᠬᠥᠭᠵᠢᠯᠲᠡ ᠳᠤ ᠦᠢᠯᠡᠴᠢᠯᠡᠬᠦ ᠳᠤ ᠰᠠᠭᠤᠷᠢ ᠲᠠᠯᠪᠢᠵᠤ ᠥᠭᠬᠦ ᠪᠣᠯᠣᠨ᠎ᠠ᠃      ᠲᠡᠮᠡᠭᠡᠲᠦ ᠶᠢᠨ ᠴᠡᠷᠢᠭ ᠤᠨ ᠬᠤᠸᠠᠷᠠᠨ ᠤ ᠰᠣᠶᠣᠯ ᠤᠨ ᠬᠦᠷᠢᠶᠡᠯᠡᠩ ᠳᠤ ᠴᠡᠷᠢᠭ ᠤᠨ ᠠᠯᠪᠠ ᠠᠴᠠ ᠬᠠᠯᠠᠭᠳᠠᠭᠰᠠᠳ ᠲᠠᠶᠢᠯᠪᠤᠷᠢᠯᠠᠭᠴᠢ ᠶᠢ ᠳᠠᠭᠠᠵᠤ᠂ ᠶᠠᠫᠤᠨ ᠢ ᠡᠰᠡᠷᠭᠦᠴᠡᠬᠦ ᠳᠠᠶᠢᠨ᠂ ᠴᠢᠯᠦᠭᠡᠯᠡᠬᠦ ᠳᠠᠶᠢᠨ᠂ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠳᠠᠶᠢᠨ᠂ ᠸᠢᠶᠧᠲᠨᠠᠮ ᠤᠨ ᠪᠠᠶᠢᠯᠲᠤᠭᠠᠨ ᠵᠡᠷᠭᠡ ᠡᠯ᠎ᠡ ᠲᠡᠦᠬᠡᠨ ᠴᠠᠭ ᠦᠶ᠎ᠡ ᠳᠤ ᠴᠣᠯᠭᠤᠷᠠᠨ ᠭᠠᠷᠤᠭᠰᠠᠨ ᠵᠢᠱᠢᠶᠡᠴᠢ ᠪᠠᠭᠠᠲᠤᠷᠴᠤᠳ ᠤᠨ ᠦᠢᠯᠡ ᠠᠵᠢᠯᠯᠠᠭ᠎ᠠ ᠶᠢ ᠡᠷᠭᠢᠴᠡᠭᠦᠯᠵᠦ᠂ ᠲᠡᠦᠬᠡ ᠪᠠᠨ ᠪᠠᠲᠤ ᠴᠡᠭᠡᠵᠢᠯᠡᠨ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠨ᠂ ᠤᠯᠤᠰ ᠢᠶᠠᠨ ᠬᠠᠶᠢᠷᠠᠯᠠᠬᠤ ᠤᠷᠮ᠎ᠠ ᠵᠣᠷᠢᠭ ᠢᠶᠠᠨ ᠬᠥᠭᠵᠢᠭᠡᠪᠡ᠃      ᠴᠡᠷᠢᠭ ᠤᠨ ᠠᠯᠪᠠ ᠠᠴᠠ ᠬᠠᠯᠠᠭᠳᠠᠭᠰᠠᠨ ᠭᠤᠸ ᡁᠢ᠄ ︽ᠲᠣᠰ ᠤᠳᠠᠭᠠᠨ ᠤ ᠠᠵᠢᠯᠯᠠᠭ᠎ᠠ ᠨᠢ ᠪᠢᠳᠡᠨ ᠳᠤ ᠱᠠᠨᠪᠧᠢ ᠠᠷᠠᠳ ᠤᠨ ᠳᠠᠭᠤᠤ ᠶᠢᠨ ᠷᠢᠳᠢ ᠰᠢᠳᠢ ᠶᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠦᠨᠳᠦᠰᠦᠲᠡᠨ ᠤ ᠰᠣᠶᠣᠯ ᠤᠨ ᠲᠤᠬᠠᠢ ᠮᠡᠳᠡᠷᠡᠮᠵᠢ ᠪᠠ ᠣᠮᠣᠭᠰᠢᠯᠲᠤ ᠰᠡᠳᠬᠢᠯᠭᠡ ᠶᠢ ᠭᠦᠨᠵᠡᠭᠡᠶᠢᠷᠡᠭᠦᠯᠪᠡ᠃ ᠴᠡᠷᠢᠭ ᠤᠨ ᠠᠯᠪᠠ ᠠᠴᠠ ᠬᠠᠯᠠᠭᠳᠠᠭᠰᠠᠳ ᠪᠣᠯᠤᠭᠰᠠᠨ ᠤ ᠬᠤᠪᠢ ᠳᠤ᠂ ᠪᠢᠳᠡ ᠴᠡᠷᠢᠭ ᠤᠨ ᠲᠤᠭ ᠤᠨ ᠳᠣᠣᠷ᠎ᠠ ᠡᠬᠡ ᠤᠯᠤᠰ ᠢᠶᠠᠨ ᠬᠠᠮᠠᠭᠠᠯᠠᠵᠤ᠂ ᠠᠷᠠᠳ ᠲᠦᠮᠡᠨ ᠢᠶᠠᠨ ᠬᠠᠮᠠᠭᠠᠯᠠᠨ᠎ᠠ ᠭᠡᠵᠦ ᠲᠠᠩᠭᠠᠷᠢᠭᠯᠠᠭᠰᠠᠨ ᠶᠤᠮ᠃ ᠥᠨᠥᠳᠥᠷ ᠪᠢᠳᠡ ᠬᠡᠳᠦᠶᠢᠪᠡᠷ ᠴᠡᠷᠢᠭ ᠠᠴᠠ ᠬᠠᠯᠠᠭᠳᠠᠭᠰᠠᠨ ᠪᠣᠯᠪᠠᠴᠤ ᠴᠡᠷᠢᠭ ᠬᠥᠮᠥᠨ ᠤ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠷᠢᠮᠲᠠᠯᠠᠵᠤ᠂ ᠡᠬᠡ ᠣᠷᠣᠨ ᠤ ᠪᠠᠨ ᠬᠥᠭᠵᠢᠯ ᠪᠠᠳᠠᠷᠠᠯ ᠬᠢᠭᠡᠳ ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ ᠤ ᠲᠥᠯᠥᠭᠡ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃      ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡᠨ ᠤ ᠳᠠᠷᠤᠭ᠎ᠠ ᠲᠠᠨ᠎ᠠ᠄ ︽ᠢᠦᠢ ᠶᠠᠩ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢ ᠲᠣᠭᠤᠷᠢᠨ ᠦᠵᠡᠵᠦ ᠰᠤᠷᠤᠯᠴᠠᠨ᠂ ᠲᠤᠬᠠᠢ ᠶᠢᠨ ᠭᠠᠵᠠᠷ ᠤᠨ ᠠᠵᠢᠯᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠬᠤ ᠪᠠᠷ ᠳᠠᠮᠵᠢᠭᠠᠳ᠂ ᠪᠢᠳᠡ ᠲᠡᠳᠡᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠷᠭ᠎ᠠ ᠬᠡᠯᠪᠡᠷᠢ ᠪᠣᠯᠣᠨ ᠲᠡᠷᠢᠭᠦᠨ ᠤ ᠦᠢᠯᠡᠴᠢᠯᠡᠭᠡᠨ ᠤ ᠣᠶᠢᠯᠠᠭᠠᠭᠳᠠᠬᠤᠨ ᠢ ᠰᠤᠷᠤᠯᠴᠠᠯ᠎ᠠ᠂ ᠳᠠᠷᠠᠭᠠᠴᠢ ᠪᠠᠷ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠤᠯᠠᠮ ᠲᠡᠭᠦᠯᠳᠡᠷᠵᠢᠭᠦᠯᠦᠨ᠂ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠢᠷᠠᠭᠤ ᠠᠯᠳᠠᠷᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠣᠯᠣᠨ ᠬᠠᠷᠢᠶᠠᠯᠠᠭᠳᠠᠬᠤ ᠲᠥᠷᠥᠭᠳᠡᠯ ᠢ ᠬᠦᠴᠦᠯᠡᠨ ᠳᠡᠭᠡᠭᠰᠢᠯᠡᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠣᠷᠴᠢᠨ ᠢ ᠦᠷᠭᠦᠯᠵᠢᠯᠡᠨ ᠪᠤᠢ ᠪᠣᠯᠭᠠᠨ᠎ᠠ︾ ᠭᠡᠵᠦ ᠬᠡᠯᠡᠪᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ