ᠮᠧᠩ ᠰᠢ ᠨᠡᠶᠢᠭᠡᠮ ᠲᠣᠭᠤᠷᠢᠭ ᠤᠨ ᠬᠢᠨ ︽ᠤᠯᠠᠭᠠᠨ ᠣᠲᠣ ᠭᠢᠯᠠᠯᠵᠠᠭᠤᠯᠵᠤ ᠤᠯᠤᠰ ᠤᠨ ᠪᠠᠶᠠᠷ ᠢ ᠪᠡᠯᠭᠡᠯᠡᠨ  ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠤᠯᠠᠮᠵᠢᠯᠠᠬᠤ︾ ᠭᠤᠣᠯ ᠰᠡᠳᠦᠪᠲᠦ ᠣᠨᠴᠠᠯᠢᠭᠲᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/9/30
      ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠤᠪᠢᠰᠬᠠᠯ ‍ᠤᠨ‌ᠤᠳᠤᠮᠰᠢᠯ ᠢ ᠤᠯᠠᠮᠵᠢᠯᠠᠬᠤ ᠶᠢᠨ ᠲᠥᠯᠥᠭᠡ᠂ 9 ᠳ᠋ᠦ᠋ᠭᠡᠷ ᠰᠠᠷ᠎ᠠ ᠶᠢᠨ 28 ᠤ ᠡᠳᠦᠷ᠂ ᠮᠸᠡᠭ ᠰᠢ ᠨᠡᠶᠢᠭᠡᠮ ᠲᠣᠭᠤᠷᠢᠭ ᠤᠨ ᠬᠢᠨ ︽ᠤᠯᠠᠭᠠᠨ ᠣᠲᠣ ᠭᠢᠯᠠᠯᠵᠠᠭᠤᠯᠵᠤ ᠤᠯᠤᠰ ᠤᠨ ᠪᠠᠶᠠᠷ ᠢ ᠪᠡᠯᠭᠡᠯᠡᠨ᠂ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠤᠯᠠᠮᠵᠢᠯᠠᠬᠤ︾ ᠭᠤᠣᠯ ᠰᠡᠳᠦᠪᠲᠦ ᠣᠨᠴᠠᠯᠢᠭᠲᠤ ᠠᠵᠢᠯᠯᠠᠭ᠎ᠠ ᠶᠢ ᠥᠷᠨᠢᠭᠦᠯᠵᠦ᠂ ᠣᠷᠣᠯᠴᠠᠭᠰᠠᠳ ᠲᠤ ᠡᠬᠡ ᠤᠯᠤᠰ ᠤᠨ ᠬᠥᠭᠵᠢᠯ ᠴᠡᠴᠡᠭᠯᠡᠯ ᠪᠣᠯᠣᠨ ᠲᠡᠦᠬᠡ ᠶᠢ ᠲᠠᠨᠢᠭᠤᠯᠪᠠ᠃      ᠤᠯᠤᠰ ᠤᠨ ᠲᠤᠭ ᠮᠠᠨᠳᠤᠭᠤᠯᠵᠤ ᠤᠯᠤᠰ ᠤᠨ ᠰᠦᠯᠳᠡ ᠳᠠᠭᠤᠤ ᠶᠢ ᠳᠠᠭᠤᠯᠠᠨ   ᠡᠬᠡ ᠤᠯᠤᠰ ᠤᠨ ᠢᠶᠠᠨ ᠪᠠᠶᠠᠷ ᠢ ᠬᠠᠮᠲᠤ ᠪᠠᠷ ᠪᠡᠯᠭᠡᠯᠡᠪᠡ      ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠳᠤ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠬᠠᠩᠭᠢᠨᠠᠬᠤ ᠶᠢ ᠳᠠᠭᠠᠯᠳᠤᠨ᠂ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ᠂ ᠰᠠᠯᠬᠢᠨ ᠤ ᠠᠶᠠᠰ ᠢᠶᠠᠷ ᠨᠠᠮᠢᠷᠠᠨ᠂ ᠤᠯᠠᠨ ᠢᠶᠠᠷ ᠢᠶᠠᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠴᠢᠩ ᠦᠨᠡᠨᠴᠢ ᠰᠡᠳᠬᠢᠯᠭᠡ ᠪᠠᠷ ᠢᠶᠠᠨ ᠡᠬᠡ ᠤᠯᠤᠰ ᠲᠠᠭᠠᠨ ᠬᠠᠶᠢᠷ᠎ᠠ ᠪᠣᠯᠣᠨ ᠵᠥᠩᠨᠡᠯ ᠢᠶᠠᠨ ᠳᠡᠪᠰᠢᠭᠦᠯᠬᠦ ᠳᠤ᠂ ᠨᠡᠶᠢᠭᠡᠮ ᠲᠣᠭᠤᠷᠢᠭ ᠤᠨ ᠥᠨᠴᠥᠭ ᠪᠤᠯᠤᠩ ᠪᠣᠯᠭᠠᠨ ᠳᠤ ᠤᠯᠤᠰ ᠢᠶᠠᠨ ᠬᠠᠶᠢᠷᠠᠯᠠᠬᠤ ᠠᠭᠤᠷ ᠠᠮᠢᠰᠬᠤᠯ ᠪᠢᠯᠬᠠᠮ᠎ᠠ ᠪᠠᠶᠢᠯ᠎ᠠ᠃      ᠪᠠᠭᠠᠲᠤᠷᠯᠢᠭ ᠦᠯᠢᠭᠡᠷ ᠶᠠᠷᠢᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ      ᠳᠠᠷᠠᠭ᠎ᠠ ᠪᠠᠷ ᠨᠢ ᠪᠢᠴᠢᠬᠠᠨ ᠨᠠᠶᠢᠵᠠ ᠨᠠᠷ ᠬᠤᠪᠢᠰᠬᠠᠯ ᠤᠨ ᠪᠠᠭᠠᠲᠤᠷᠴᠤᠳ ᠤᠨ ᠭᠡᠷᠡᠯ ᠰᠠᠴᠤᠷᠠᠩᠭᠤᠢ ᠦᠢᠯᠡ ᠶᠠᠪᠤᠳᠠᠯ ᠢ ᠶᠠᠷᠢᠪᠠ᠃ ᠡᠷᠡᠯᠬᠡᠭ ᠪᠠᠭᠠᠲᠤᠷᠯᠢᠭ ᠪᠠᠶᠢᠯᠳᠤᠭᠴᠢᠳ ᠠᠴᠠ ᠦᠭᠡ ᠳᠠᠭᠤᠨ ᠦᠭᠡᠢ ᠪᠠᠷ  ᠠᠯᠢᠪᠠ ᠪᠠᠨ ᠵᠣᠷᠢᠭᠤᠯᠤᠭᠰᠠᠨ ᠬᠥᠰᠢᠭᠡ ᠶᠢᠨ ᠠᠷᠤ ᠳᠠᠬᠢ ᠪᠠᠭᠠᠲᠤᠷ ᠬᠦᠷᠲᠡᠯ᠎ᠡ᠂ ᠦᠯᠢᠭᠡᠷ ᠨᠢᠭᠡᠪᠦᠷᠢ ᠨᠢ ᠴᠥᠮ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠤᠯᠤᠰ ᠣᠷᠣᠨ ᠪᠠ ᠦᠨᠳᠦᠰᠦᠲᠡᠨ ᠤ ᠲᠤᠰᠠᠭᠠᠷ ᠲᠣᠭᠲᠠᠨᠢᠯ ᠪᠠᠶᠠᠨ ᠬᠦᠴᠦᠷᠬᠡᠭᠵᠢᠯ ᠤᠨ ᠲᠥᠯᠥᠭᠡ ᠴᠥᠬᠦᠷᠡᠰᠢ ᠦᠭᠡᠢ ᠲᠡᠮᠡᠴᠡᠭᠰᠡᠨ ᠠᠭᠤᠤ ᠶᠡᠭᠡ ᠵᠣᠷᠢᠭ ᠰᠠᠨᠠᠭ᠎ᠠ ᠶᠢ ᠠᠮᠢᠳᠤᠯᠢᠭ ᠢᠯᠡᠷᠡᠭᠦᠯᠪᠡ᠃ ᠪᠢᠴᠢᠬᠠᠨ ᠨᠠᠶᠢᠵᠠ ᠨᠠᠷ ᠦᠯᠢᠭᠡᠷ ᠶᠠᠷᠢᠬᠤ ᠪᠠᠷ ᠲᠠᠮᠵᠢᠨ ᠲᠡᠦᠬᠡ ᠶᠢᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠢᠯᠡᠭᠦᠦ ᠤᠯᠤᠰ ᠢᠶᠠᠨ ᠬᠠᠶᠢᠷᠠᠯᠠᠬᠤ ᠪᠣᠯᠣᠭᠰᠠᠨ ᠪᠠᠶᠢᠨ᠎ᠠ᠃      ᠭᠠᠷ ᠤᠷᠠᠯᠠᠯ ᠬᠢᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠣᠶᠢᠯᠠᠭᠠᠪᠠ      ᠤᠯᠠᠨ ᠢᠶᠠᠷ ᠢᠶᠠᠨ ᠠᠵᠢᠯᠲᠠᠳ ᠤᠨ ᠵᠢᠯᠣᠭᠤᠳᠤᠯᠭ᠎ᠠ ᠳᠣᠣᠷ᠎ᠠ ᠪᠣᠭᠴᠣ ᠣᠶᠣᠬᠤ ᠪᠤᠶᠤ ᠬᠡᠦᠬᠡᠯᠳᠡᠢ ᠤᠭᠰᠠᠷᠠᠵᠤ᠂ ᠣᠶᠣᠳᠠᠯ ᠪᠣᠯᠭᠠᠨ ᠳᠠᠭᠠᠨ ᠤᠯᠠᠭᠠᠨ ᠴᠡᠷᠢᠭ ᠤᠨ ᠪᠠᠶᠢᠯᠳᠤᠭᠴᠢᠳ ᠢ ᠬᠦᠨᠳᠦᠳᠬᠡᠨ ᠰᠠᠨᠠᠭᠠᠯᠵᠠᠭᠰᠠᠨ ᠰᠡᠳᠬᠢᠯᠭᠡ ᠪᠠᠨ ᠠᠭᠤᠰᠬᠠᠵᠤ ᠪᠠᠶᠢᠯ᠎ᠠ᠃ ᠪᠦᠲᠦᠭᠡᠯᠴᠢ ᠰᠠᠨᠠᠭ᠎ᠠ ᠪᠠ ᠬᠠᠶᠢᠷ᠎ᠠ ᠰᠡᠳᠬᠢᠯᠭᠡ ᠰᠢᠩᠭᠡᠭᠰᠡᠨ ᠤᠯᠠᠭᠠᠨ ᠴᠡᠷᠢᠭ ᠤᠨ ᠪᠣᠭᠴᠣ ᠪᠠ ᠬᠡᠦᠬᠡᠯᠳᠡᠢ ᠬᠦᠮᠦᠰ ᠤᠨ ᠬᠠᠷᠠᠭᠠᠨ ᠳᠤ ᠲᠣᠳᠣᠷᠠᠬᠤ ᠳᠤ  ᠤᠯᠠᠨ ᠤ ᠤᠷᠠᠨ ᠭᠠᠷ ᠤᠨ ᠭᠤᠸ᠎ᠠ ᠰᠠᠶᠢᠬᠠᠨ ᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠬᠤᠪᠢᠰᠬᠠᠯ ᠤᠨ ᠵᠣᠷᠢᠭ ᠰᠠᠨᠠᠭ᠎ᠠ ᠶᠢ ᠨᠡᠩ ᠠᠮᠢᠳᠤᠯᠢᠭ ᠪᠠᠷ ᠤᠯᠠᠮᠵᠢᠯᠠᠵᠠᠢ᠃      ᠡᠨᠡ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠥᠭᠡᠳ ᠬᠡᠦᠬᠡᠳ ᠤᠨ ᠰᠡᠳᠬᠢᠯ ᠳᠤ ᠡᠬᠡ ᠣᠷᠣᠨᠴᠢ ᠦᠵᠡᠯ ᠤᠨ ᠦᠷ᠎ᠡ ᠶᠢ ᠰᠠᠴᠤᠵᠤ᠂ ᠡᠬᠡ ᠣᠷᠣᠨ ᠤ ᠪᠠᠨ ᠠᠭᠤᠤ ᠶᠡᠭᠡ ᠪᠣᠯᠣᠨ ᠢᠷᠠᠭᠤ ᠠᠯᠳᠠᠷ ᠢ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ ᠮᠡᠳᠡᠷᠡᠭᠦᠯᠦᠭᠰᠡᠨ ᠪᠠᠶᠢᠨ᠎ᠠ᠃ ᠳᠠᠷᠠᠭᠠᠴᠢ ᠪᠠᠷ᠂ ᠮᠸᠡᠭ ᠰᠢ ᠨᠡᠶᠢᠭᠡᠮ ᠲᠣᠭᠤᠷᠢᠭ ᠤᠨ ᠬᠢᠨ ᠡᠶᠢᠮᠦᠷᠬᠦ ᠠᠵᠢᠯᠯᠠᠭ᠎ᠠ ᠪᠠᠷ ᠳᠠᠮᠵᠢᠭᠤᠯᠤᠨ᠂ ᠬᠤᠪᠢᠰᠬᠠᠯ ᠤᠨ ᠤᠳᠤᠮᠰᠢᠯ  ᠢ ᠦᠶ᠎ᠡ ᠶᠢᠨ ᠦᠶ᠎ᠡ ᠳᠤ ᠤᠯᠠᠮᠵᠢᠯᠠᠵᠤ᠂ ᠬᠦᠮᠦᠨ ᠪᠣᠯᠭᠠᠨ ᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ  ᠢ ᠪᠡᠶᠡᠯᠡᠭᠦᠯᠬᠦ ᠪᠠᠷ ᠴᠥᠬᠦᠷᠡᠰᠢ ᠦᠭᠡᠢ ᠲᠡᠮᠡᠴᠡᠬᠦ ᠶᠢ ᠵᠣᠷᠢᠭᠵᠢᠭᠤᠯᠤᠨ᠎ᠠ᠃  
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ