︽ᠦᠢᠯᠡᠰ ᠪᠣᠰᠬᠠᠨ ᠠᠵᠢᠯ ᠣᠯᠭᠤᠵᠤ  ᠠᠷᠠᠳ ᠢᠶᠠᠨ ᠴᠢᠨᠡᠭᠡᠯᠢᠭᠵᠢᠭᠦᠯᠦᠭᠰᠡᠨ ᠲᠣᠰᠣᠲᠤ︾ ᠨᠡᠶᠢᠭᠡᠮ ᠲᠣᠭᠤᠷᠢᠭ ᠤᠨ ᠬᠢᠨ ᠬᠤᠯᠪᠤᠭᠠᠯᠠᠨ ᠬᠥᠳᠡᠯᠦᠯᠴᠡᠵᠦ   ᠪᠣᠯᠪᠠᠰᠤᠷᠠᠯ ᠢᠶᠠᠷ ᠴᠢᠳᠠᠪᠤᠷᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/9/30
      ᠬᠠᠷᠢᠶ᠎ᠠ ᠣᠷᠣᠨ ᠤ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠠᠵᠢᠯ ᠣᠯᠣᠭᠰᠠᠳ ᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠰᠠᠶᠢᠵᠢᠷᠠᠭᠤᠯᠵᠤ᠂ ᠨᠡᠶᠢᠭᠡᠮ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠦᠪᠰᠢᠨ ᠢ ᠤᠯᠠᠮ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠶᠢᠨ ᠲᠤᠰᠠᠳᠠ᠂ ᠤᠯᠠᠭᠠᠨᠪᠠᠯᠭᠠᠰᠤ ᠶᠢᠨ ᠲᠣᠰᠣᠲᠤ ᠨᠡᠶᠢᠭᠡᠮ ᠲᠣᠭᠤᠷᠢᠭ ᠤᠨ ᠬᠢᠨ ︽ᠦᠢᠯᠡᠰ ᠪᠣᠰᠬᠠᠨ ᠠᠵᠢᠯ ᠣᠯᠭᠤᠵᠤ  ᠠᠷᠠᠳ ᠢᠶᠠᠨ ᠴᠢᠨᠡᠭᠡᠯᠢᠭᠵᠢᠭᠦᠯᠦᠭᠰᠡᠨ ᠲᠣᠰᠣᠲᠤ︾ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠨᠡᠷᠡᠲᠦ ᠲᠡᠮᠳᠡᠭ ᠲᠤ ᠲᠦᠰᠢᠭᠯᠡᠨ᠂ ᠵᠸᠡᠭ ᠴᠢ ᠠᠳᠠᠯ ᠠᠬᠤᠢ ᠶᠢᠨ ᠺᠣᠮᠫᠠᠨᠢ ᠲᠠᠢ ᠬᠠᠮᠲᠤᠷᠠᠵᠤ ᠠᠳᠠᠯ ᠠᠬᠤᠢ ᠶᠢᠨ ᠬᠠᠮᠢᠶᠠᠷᠤᠯᠲᠠ ᠶᠢᠨ ᠲᠤᠰᠬᠠᠢ ᠪᠣᠯᠪᠠᠰᠤᠷᠠᠯ ᠥᠷᠨᠢᠭᠦᠯᠪᠡ᠂ ᠬᠠᠷᠢᠶ᠎ᠠ ᠣᠷᠣᠨ ᠳᠠᠬᠢ ᠡᠯ᠎ᠡ ᠠᠳᠠᠯ ᠠᠬᠤᠢ ᠶᠢᠨ ᠺᠣᠮᠫᠠᠨᠢ ᠶᠢᠨ ᠬᠠᠷᠢᠭᠤᠴᠠᠯᠭᠠᠲᠠᠨ᠂ ᠠᠵᠢᠯᠯᠠᠭᠰᠠᠳ ᠵᠡᠷᠭᠡ 58 ᠬᠥᠮᠥᠨ ᠣᠷᠣᠯᠴᠠᠪᠠ᠃      ᠲᠣᠰ ᠤᠳᠠᠭᠠᠨ ᠤ ᠪᠣᠯᠪᠠᠰᠤᠷᠠᠯ ᠳᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠳᠠᠯ ᠠᠬᠤᠢ ᠶᠢᠨ ᠨᠡᠶᠢᠭᠡᠮᠯᠢᠭ ᠤᠨ ᠯᠧᠺᠲ᠋ᠣᠷ ᠵᠣᠣ ᠰᠢᠸ ᠮᠧᠶ ᠶᠢ ᠣᠨᠴᠠᠭᠠᠶᠢᠯᠠᠨ ᠤᠷᠢᠵᠤ᠂ ᠣᠯᠠᠨ ᠳᠤ ᠪᠠᠶᠠᠯᠢᠭ ᠠᠭᠤᠯᠭ᠎ᠠ ᠪᠦᠬᠦᠢ ᠠᠳᠠᠯ ᠠᠬᠤᠢ ᠶᠢᠨ ᠮᠡᠳᠡᠯᠭᠡ ᠶᠢᠨ ᠲᠠᠶᠢᠯᠤᠮᠵᠢ ᠬᠢᠪᠡ᠃ ᠪᠣᠯᠪᠠᠰᠤᠷᠠᠯ ᠳᠡᠭᠡᠷ᠎ᠡ᠂ ᠵᠣᠣ ᠪᠠᠭᠰᠢ ᠠᠳᠠᠯ ᠠᠬᠤᠢ ᠶᠢᠨ ᠬᠠᠮᠢᠶᠠᠷᠤᠯᠲᠠ ᠶᠢᠨ ᠦᠨᠳᠦᠰᠦᠨ ᠲᠣᠮᠢᠶᠠᠯᠠᠯ᠂ ᠨᠡᠶᠢᠭᠡᠮ ᠲᠣᠭᠤᠷᠢᠭ ᠬᠢᠭᠡᠳ ᠠᠵᠢᠯ ᠦᠢᠯᠡᠰ ᠤᠨ ᠵᠥᠪᠯᠡᠯ᠂ ᠠᠳᠠᠯ ᠠᠬᠤᠢ ᠶᠢᠨ ᠺᠣᠮᠫᠠᠨᠢ ᠶᠢᠨ ᠬᠠᠷᠢᠴᠠᠭ᠎ᠠ᠂ ᠨᠡᠶᠢᠭᠡᠮ ᠲᠣᠭᠤᠷᠢᠭ ᠤᠨ ᠪᠣᠳᠠᠲᠠᠢ ᠡᠭᠦᠷᠭᠡ ᠬᠠᠷᠢᠭᠤᠴᠠᠯᠭ᠎ᠠ᠂ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠳᠠᠬᠢ ᠨᠡᠶᠢᠭᠡᠮ ᠲᠣᠭᠤᠷᠢᠭ ᠤᠨ ᠭᠠᠷᠳᠠᠴᠠ᠂ ᠥᠮᠴᠢᠲᠡᠨ ᠢ ᠬᠥᠲᠥᠯᠥᠨ ᠳᠠᠭᠠᠭᠤᠯᠵᠤ ᠵᠣᠬᠢᠶᠠᠨ ᠪᠠᠶᠢᠭᠤᠯᠵᠤ ᠠᠵᠢᠯ ᠥᠷᠨᠢᠭᠦᠯᠬᠦ ᠵᠡᠷᠭᠡ ᠲᠠᠯ᠎ᠠ ᠶᠢᠨ ᠲᠠᠶᠢᠯᠤᠮᠵᠢ ᠬᠢᠭᠰᠡᠨ ᠪᠥᠭᠡᠳ ᠪᠣᠳᠠᠲᠠᠢ ᠬᠡᠷᠡᠭ ᠤᠨ ᠵᠢᠱᠢᠶ᠎ᠡ ᠵᠢᠴᠢ ᠦᠢᠯᠡᠳᠦᠯᠭᠡ ᠶᠢᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠳᠡᠭᠡᠷ᠎ᠡ ᠳᠤᠷᠠᠳᠤᠭᠰᠠᠨ ᠲᠠᠯ᠎ᠠ ᠶᠢᠨ ᠲᠤᠰᠬᠠᠢ ᠮᠡᠷᠭᠡᠵᠢᠯ ᠤᠨ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠬᠥᠮᠥᠰ ᠤᠨ ᠰᠡᠳᠬᠢᠯ ᠳᠤ ᠬᠠᠳᠠᠩᠰᠢᠭᠤᠯᠤᠨ᠂ ᠰᠠᠶᠢᠨ ᠦᠷ᠎ᠡ ᠳ᠋ᠦᠩ ᠣᠯᠣᠭᠰᠠᠨ ᠪᠠᠶᠢᠨ᠎ᠠ᠃      ᠲᠣᠰ ᠤᠳᠠᠭᠠᠨ ᠤ ᠪᠣᠯᠪᠠᠰᠤᠷᠠᠯ ᠢᠶᠠᠷ ᠳᠠᠮᠵᠢᠭᠠᠳ ᠬᠠᠷᠢᠶ᠎ᠠ ᠣᠷᠣᠨ ᠤ ᠠᠳᠠᠯ ᠠᠬᠤᠢ ᠶᠢᠨ ᠠᠵᠢᠯᠲᠠᠨ ᠤ ᠦᠢᠯᠡᠴᠢᠯᠡᠭᠡᠨ ᠤ ᠤᠬᠠᠮᠰᠠᠷ ᠪᠠ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠪᠡ᠃ ᠲᠠᠷᠠᠭᠠᠴᠢ ᠪᠠᠷ᠂ ᠲᠣᠰᠣᠲᠦ ᠨᠡᠶᠢᠭᠡᠮ ᠲᠣᠭᠤᠷᠢᠭ ᠤᠨ  ᠬᠢᠨ ᠦᠷᠭᠦᠯᠵᠢᠯᠡᠨ ᠵᠢᠵᠢᠭ ᠬᠤᠲᠠ ᠪᠠᠯᠭᠠᠰᠤ · ᠲᠣᠮᠣ ᠨᠡᠶᠢᠭᠡᠮ ᠲᠣᠭᠤᠷᠢᠭ ᠤᠨ ︽ᠦᠢᠯᠡᠰ ᠪᠣᠰᠬᠠᠨ ᠠᠵᠢᠯ ᠣᠯᠭᠤᠵᠤ  ᠠᠷᠠᠳ ᠢᠶᠠᠨ  ᠴᠢᠨᠡᠭᠡᠯᠢᠭᠵᠢᠭᠦᠯᠦᠭᠰᠡᠨ ᠲᠣᠰᠣᠲᠤ︾ ᠶᠢᠨ ᠥᠪᠡᠷᠮᠢᠴᠡ ᠣᠨᠴᠠᠯᠢᠭ ᠲᠠᠢ ᠨᠠᠷᠠᠲᠤ ᠲᠡᠮᠳᠡᠭ ᠲᠤ ᠲᠣᠭᠤᠷᠢᠭᠤᠯᠤᠨ᠂ ᠬᠠᠷᠢᠶ᠎ᠠ ᠣᠷᠣᠨ ᠳᠣᠲᠣᠷᠠᠬᠢ ᠠᠵᠢᠯ ᠣᠯᠬᠤ ᠳᠤ ᠬᠦᠴᠢᠷᠲᠡᠢ ᠬᠥᠮᠥᠰ ᠢ ᠦᠷᠭᠦᠯᠵᠢᠯᠡᠨ ᠠᠩᠬᠠᠷᠴᠤ᠂ ᠠᠵᠢᠯ ᠣᠯᠣᠭᠰᠠᠳ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠤᠨ᠎ᠠ᠃ 
ᠢᠷᠡᠯᠲᠡ᠄ ​ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ