ᠵᠠᠮ ᠤᠨ ᠳ᠋ᠧᠩ ᠤᠨ ᠳᠠᠯᠳᠠ ᠬᠡᠮ ᠢ ᠪᠠᠶᠢᠴᠠᠭᠠᠵᠤ  ᠬᠦᠷᠢᠶᠡᠯᠡᠩ ᠲᠣᠭᠤᠷᠢᠭ ᠤᠨ ᠰᠥᠨᠢ ᠶᠢᠨ ᠠᠮᠤᠷ ᠲᠦᠪᠰᠢᠨ ᠢ ᠴᠢᠩᠭᠠᠳᠬᠠᠪᠠ
ᠨᠡᠶᠢᠲᠡᠯᠡᠭᠰᠡᠨ ᠴᠠᠭ᠄
2024/9/30
      ︽ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠨ᠂ ᠶᠡᠷᠦᠩᠬᠡᠶᠢᠯᠡᠨ ᠵᠠᠰᠠᠬᠤ︾ ᠴᠢᠭᠯᠡᠯᠲᠡ ᠶᠢ ᠬᠢᠨᠠᠮᠠᠭᠠᠢ ᠲᠣᠭᠤᠰᠢᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠲᠠᠯ᠎ᠠ ᠪᠠᠷ ᠣᠷᠣᠰᠢᠵᠤ ᠪᠠᠶᠢᠭ᠎ᠠ ᠲᠡᠯᠳᠠ ᠭᠡᠮ ᠪᠣᠯᠣᠨ ᠠᠰᠠᠭᠤᠳᠠᠯ ᠢ ᠨᠢᠮᠪᠠᠢ ᠡᠷᠢᠨ᠂ ᠠᠮᠤᠷ ᠲᠦᠪᠰᠢᠨ ᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠪᠣᠯᠣᠨ ᠠᠶᠤᠯᠲᠠᠢ ᠭᠠᠵᠠᠷ ᠢ ᠡᠵᠡᠮᠳᠡᠬᠦ ᠠᠵᠢᠯ ᠢ ᠰᠠᠶᠢᠲᠤᠷ ᠬᠢᠵᠦ᠂ ᠲᠤᠬᠠᠢ ᠶᠢᠨ ᠲᠠᠯᠠᠪᠤᠷ ᠤᠨ  ᠠᠮᠤᠷ ᠲᠦᠪᠰᠢᠨ ᠤ ᠬᠠᠮᠢᠶᠠᠷᠤᠯᠲᠠ ᠶᠢ ᠦᠨᠡᠨᠬᠦ ᠴᠢᠩᠭᠠᠳᠬᠠᠨ᠂ ᠠᠮᠤᠷ ᠲᠦᠪᠰᠢᠨ ᠤ ᠬᠠᠷᠠᠯᠲᠠ ᠶᠢ ᠤᠷᠤᠭᠰᠢᠲᠠᠢ ᠪᠡᠶᠡᠯᠡᠭᠦᠯᠬᠦ ᠪᠠᠷ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠮ ᠤᠨ ᠳ᠋ᠧᠩ ᠤᠨ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢᠨ ᠠᠵᠢᠯᠯᠠᠭ᠎ᠠ ᠶᠢ ᠥᠷᠨᠢᠭᠦᠯᠪᠡ᠃ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ᠂ ᠲᠤᠬᠠᠢ ᠶᠢᠨ ᠲᠠᠯᠠᠪᠤᠷ ᠤᠨ ᠠᠵᠢᠯᠯᠠᠭ᠎ᠠ ᠶᠢᠨ ᠵᠢᠷᠤᠮᠵᠢᠯ᠂ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠱᠠᠭᠠᠷᠳᠠᠯᠭ᠎ᠠ ᠶᠢᠨ ᠲᠠᠯ᠎ᠠ ᠪᠠᠷ ᠠᠶᠤᠯᠭᠦᠢ ᠦᠢᠯᠡᠳᠪᠦᠷᠢᠯᠡᠯ  ᠳᠤ ᠣᠷᠣᠰᠢᠵᠤ ᠪᠠᠶᠢᠭ᠎ᠠ ᠲᠠᠯᠳᠠ ᠭᠡᠮ ᠪᠠ ᠠᠰᠠᠭᠤᠳᠠᠯ ᠢ ᠥᠨᠴᠥᠭ ᠪᠤᠯᠤᠩ ᠦᠯᠡᠳᠡᠭᠡᠯ ᠦᠭᠡᠢ ᠪᠠᠷ ᠨᠠᠷᠢᠨ ᠬᠢᠨᠠᠮᠠᠭᠠᠢ ᠲᠤᠶᠢᠯᠪᠤᠷᠢᠲᠠᠢ ᠪᠠᠶᠢᠴᠠᠭᠠᠪᠠ᠃ ︽ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ︾ ᠵᠠᠷᠴᠢᠮ ᠢ ᠪᠠᠷᠢᠮᠲᠠᠯᠠᠵᠤ᠂ ᠲᠦᠷ ᠰᠢᠢᠳᠪᠦᠷᠢᠯᠡᠵᠦ ᠳᠡᠶᠢᠯᠬᠦ ᠦᠭᠡᠢ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠲᠥᠯᠥᠪᠯᠡᠭᠡ ᠪᠣᠯᠣᠨ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠲᠣᠭᠲᠠᠭᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠢᠯᠡᠷᠡᠭᠦᠯᠦᠭᠰᠡᠨ ᠬᠦᠨᠳᠦ ᠶᠡᠭᠡ ᠠᠮᠤᠷ ᠲᠦᠪᠰᠢᠨ ᠤ ᠳᠠᠯᠳᠠ ᠬᠡᠮ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠪᠠ᠃ ᠬᠡᠪ ᠤᠨ ᠶᠣᠰᠣᠭᠠᠷ ᠠᠵᠢᠯᠯᠠᠵᠤ ᠳᠡᠶᠢᠯᠬᠦ ᠦᠭᠡᠢ ᠪᠠᠶᠢᠬᠤ ᠵᠠᠮ ᠬᠠᠷᠢᠯᠴᠠᠭᠠᠨ ᠤ ᠳᠣᠬᠢᠶᠠᠨ ᠳ᠋ᠧᠩ ᠤᠨ ᠲᠤᠭ᠎ᠠ ᠬᠡᠮᠵᠢᠶ᠎ᠡ ᠪᠠ ᠭᠠᠳᠠᠨ᠎ᠠ ᠢᠯᠡ ᠪᠠᠶᠢᠭ᠎ᠠ ᠴᠠᠬᠢᠯᠭᠠᠨ ᠤᠲᠠᠰᠤ ᠶᠢ ᠨᠢᠭᠤᠴᠠ ᠪᠠᠷ ᠲᠠᠲᠠᠵᠤ ᠪᠠᠶᠢᠬᠤ ᠵᠡᠷᠭᠡ ᠠᠮᠤᠷ ᠲᠦᠪᠰᠢᠨ ᠤ ᠳᠠᠯᠳᠠ ᠬᠡᠮ ᠢ ᠭᠤᠣᠯᠳᠠᠯᠭ᠎ᠠ ᠲᠠᠢ ᠨᠠᠷᠢᠨ ᠪᠠᠶᠢᠴᠠᠭᠠᠪᠠ᠃      ᠣᠳᠣᠬᠠᠨ ᠳᠤ 12 ᠭᠠᠵᠠᠷ ᠤᠨ ᠠᠮᠤᠷ ᠲᠦᠪᠰᠢᠨ ᠤ ᠳᠠᠯᠳᠠ ᠭᠡᠮ ᠢ ᠠᠷᠢᠯᠭᠠᠨ᠂ ᠵᠠᠮ ᠤᠨ ᠳ᠋ᠧᠩ ᠢ 20 ᠭᠠᠷᠤᠢ ᠤᠳᠠᠭ᠎ᠠ᠂ ᠳᠣᠬᠢᠶᠠᠨ ᠳ᠋ᠧᠩ ᠢ 20 ᠭᠠᠷᠤᠢ ᠤᠳᠠᠭ᠎ᠠ ᠰᠡᠯᠪᠢᠨ ᠵᠠᠰᠠᠵᠤ᠂ 1500 ᠮᠧᠲᠷ ᠰᠢᠬᠠᠮ ᠤᠨ ᠴᠠᠬᠢᠯᠭᠠᠨ ᠤᠲᠠᠰᠤ ᠶᠢ ᠰᠣᠯᠢᠵᠤ ᠪᠠᠶᠢᠨ᠎ᠠ᠃ ᠬᠦᠷᠢᠶᠡᠯᠡᠩ ᠲᠣᠭᠤᠷᠢᠭ ᠤᠨ ᠬᠤᠲᠠ ᠶᠢᠨ ᠶᠠᠪᠤᠳᠠᠯ ᠤᠨ ᠵᠠᠮ ᠤᠨ ᠳ᠋ᠧᠩ ᠤᠨ ᠲᠥᠬᠦᠭᠡᠷᠦᠮᠵᠢ ᠶᠢᠨ ᠪᠦᠷᠢᠨ ᠪᠦᠲᠦᠨ ᠪᠠᠶᠢᠬᠤ ᠶᠢ ᠪᠠᠲᠤᠯᠠᠵᠤ᠂ ᠶᠠᠪᠤᠵᠤ ᠰᠠᠭᠤᠬᠤ ᠳᠤ ᠳᠥᠭᠦᠮ ᠲᠦᠳᠡ ᠰᠠᠶᠢᠬᠠᠨ ᠣᠷᠴᠢᠨ ᠢ ᠪᠣᠶ ᠪᠣᠯᠭᠠᠨ᠂ ᠬᠦᠷᠢᠶᠡᠯᠡᠩ ᠲᠣᠭᠤᠷᠢᠭ ᠲᠠᠬᠢ ᠰᠠᠭᠤᠭᠠᠯᠢ ᠠᠷᠠᠳ ᠤᠨ ᠠᠮᠤᠷ ᠲᠦᠪᠰᠢᠨ ᠳᠤ ᠬᠦᠴᠦᠲᠡᠢ ᠪᠠᠲᠤᠯᠠᠭ᠎ᠠ ᠬᠠᠩᠭᠠᠵᠤ ᠪᠣᠢ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ