ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠳᠠᠭᠤᠤ ᠬᠥᠭᠵᠢᠮ ᠤᠨ ᠲᠤᠬᠯᠠᠯᠳᠠ ᠪᠡᠭᠡᠵᠢᠩ ᠳᠤ ᠶᠠᠪᠤᠭᠳᠠᠪᠠ  ᠰᠢ ᠶᠢᠨ ᠫᠢᠩ  ᠯᠢ ᠴᠢᠶᠠᠩ  ᠵᠤᠤ ᠯᠧ ᠵᠢᠢ  ᠸᠠᠩ ᠬᠤ᠋ ᠨᠢᠩ  ᠼᠠᠢ ᠴᠢ  ᠳ᠋ᠢᠩ ᠰᠢᠤᠸᠠᠢ ᠰᠢᠶᠠᠩ  ᠯᠢ ᠰᠢ  ᠬᠠᠨ ᠵᠧᠩ ᠲᠣᠬᠯᠠᠯᠲᠠ ᠶᠢ ᠰᠣᠨᠢᠷᠬᠠᠵᠠᠢ
ᠨᠡᠶᠢᠲᠡᠯᠡᠭᠰᠡᠨ ᠴᠠᠭ᠄
2024/9/30
      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 29 ᠤ ᠴᠠᠭᠢᠯᠭᠠᠨ ᠮᠡᠳᠡᠭᠡ   ᠰᠡᠳᠬᠢᠯ ᠬᠥᠳᠡᠯᠭᠡᠮ᠎ᠡ ᠠᠶᠠᠰ ᠢᠶᠠᠷ ᠠᠤᠭ᠎ᠠ ᠲᠤᠤᠯᠢᠰ ᠢ ᠤᠶᠠᠩᠭᠠᠯᠠᠵᠤ᠂ ᠢᠷᠠᠭᠤ ᠰᠠᠶᠢᠬᠠᠨ ᠬᠥᠭᠵᠢᠮ ᠢᠶᠠᠷ ᠠᠭᠤᠤ ᠶᠡᠭᠡ ᠴᠠᠭ ᠦᠶ᠎ᠡ ᠶᠢ ᠮᠠᠭᠲᠠᠨ ᠳᠠᠭᠤᠯᠠᠨ᠎ᠠ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠳᠠᠭᠤᠤ ᠬᠥᠭᠵᠢᠮ ᠤᠨ ᠲᠤᠬᠯᠠᠯᠳᠠ 29 ᠤ ᠣᠷᠣᠢ ᠪᠡᠭᠡᠵᠢᠩ ᠳᠤ ᠶᠠᠪᠤᠭᠳᠠᠪᠠ᠃ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ 3000 ᠭᠠᠷᠤᠢ ᠦᠵᠡᠭᠴᠢᠳ ᠲᠠᠢ ᠬᠠᠮᠲᠤ ᠲᠣᠬᠯᠠᠯᠲᠠ ᠶᠢ ᠰᠣᠨᠢᠷᠬᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢᠬᠢ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠬᠠᠮᠲᠤ ᠪᠠᠷ ᠡᠷᠭᠢᠴᠡᠭᠦᠯᠵᠦ᠂ ᠠᠭᠤᠤ ᠶᠡᠭᠡ ᠡᠬᠡ ᠤᠯᠤᠰ ᠤᠨ ᠴᠡᠴᠡᠭᠯᠡᠨ ᠬᠥᠭᠵᠢᠬᠦ ᠶᠢ ᠬᠠᠮᠲᠤ ᠪᠠᠷ ᠵᠥᠩᠨᠡᠪᠡ᠃
6386328936559814389959614.jpg
      9 ᠰᠠᠷ᠎ᠠ ᠶᠢᠨ  29 ᠤ ᠣᠷᠣᠢ᠂  ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠳᠠᠭᠤᠤ ᠬᠥᠭᠵᠢᠮ ᠤᠨ ᠲᠤᠬᠯᠠᠯᠳᠠ ᠪᠡᠭᠡᠵᠢᠩ ᠳᠤ ᠶᠠᠪᠤᠭᠳᠠᠪᠠ᠃ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ 3000 ᠭᠠᠷᠤᠢ ᠦᠵᠡᠭᠴᠢᠳ ᠲᠠᠢ ᠬᠠᠮᠲᠤ ᠲᠣᠬᠯᠠᠯᠲᠠ ᠶᠢ ᠰᠣᠨᠢᠷᠬᠠᠪᠠ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ           ᠠᠷᠠᠳ ᠤᠨ ᠶᠡᠭᠡ ᠬᠤᠷᠠᠯ ᠤᠨ ᠲᠠᠩᠬᠢᠮ ᠤᠨ ᠲᠦᠮᠡᠨ ᠬᠥᠮᠥᠨ ᠤ ᠶᠣᠰᠣᠯᠠᠯ ᠤᠨ ᠲᠠᠩᠬᠢᠮ ᠳᠤ ᠥᠩᠭᠡᠲᠦ ᠳ᠋ᠧᠩ ᠳᠤᠸᠠᠯᠠᠵᠤ᠂ ᠪᠠᠶᠠᠷ ᠭᠦᠷ ᠢᠶᠠᠷ ᠪᠢᠯᠬᠠᠨ᠎ᠠ᠃ 19 ᠴᠠᠭ 55 ᠮᠢᠨᠦ᠋ᠲ ᠲᠤ ᠪᠠᠶᠠᠰᠬᠤᠯᠠᠩᠲᠤ ᠰᠠᠶᠢᠬᠠᠨ ᠠᠶ᠎ᠠ ᠳᠤᠮᠳᠠ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠶᠣᠰᠣᠯᠠᠯ ᠤᠨ ᠲᠠᠩᠬᠢᠮ ᠳᠤ ᠠᠯᠬᠤᠨ ᠣᠷᠣᠵᠤ᠂ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ᠂ ᠠᠬᠠᠮᠠᠳ ᠨᠥᠬᠦᠳ ᠤᠨ ᠲᠥᠯᠥᠭᠡᠯᠡᠭᠴᠢᠳ ᠲᠠᠢ ᠳᠣᠲᠣᠨᠣ ᠪᠠᠷ ᠭᠠᠷ ᠠᠳᠬᠤᠬᠤ ᠳᠤ᠂ ᠲᠠᠯᠠᠪᠠᠢ ᠳᠠᠶᠠᠭᠠᠷ ᠬᠠᠯᠠᠭᠤᠨ ᠠᠯᠠᠭ᠎ᠠ ᠲᠠᠰᠢᠪᠠ᠃      ᠲᠤᠬᠠᠢ ᠶᠢᠨ ᠲᠠᠯᠠᠪᠠᠢ ᠳᠤ ᠰᠦᠷ ᠵᠢᠪᠬᠤᠯᠠᠩᠲᠤ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠶᠢ ᠬᠥᠭᠵᠢᠮᠳᠡᠵᠦ᠂ ᠲᠠᠯᠠᠪᠠᠢ ᠳᠠᠶᠠᠭᠠᠷ ᠢᠶᠠᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃      ︽ᠡᠨᠡ ᠡᠳᠦᠷ ᠪᠣᠯ ᠲᠠᠨ ᠤ ᠲᠥᠷᠥᠭᠰᠡᠨ ᠡᠳᠦᠷ ᠮᠥᠨ᠂ ᠳᠤᠮᠳᠠᠳᠤ ᠤᠯᠤᠰ ᠮᠢᠨᠢ᠁︾ ᠭᠦᠨ ᠵᠤᠵᠠᠭᠠᠨ ᠰᠡᠳᠬᠢᠯᠭᠡ ᠲᠠᠢ ᠠᠶ᠎ᠠ ᠶᠢ ᠳᠠᠭᠠᠯᠳᠤᠨ ᠲᠣᠬᠯᠠᠯᠲᠠ ᠡᠬᠢᠯᠡᠪᠡ᠃ ᠲᠣᠬᠯᠠᠯᠲᠠ ᠨᠢ ᠣᠷᠣᠰᠢᠯ ᠬᠥᠭᠵᠢᠮ ᠪᠠ ᠲᠠᠪᠤᠨ ᠬᠥᠭᠵᠢᠮ ᠤᠨ ᠪᠦᠯᠦᠭ ᠢ ᠪᠠᠭᠲᠠᠭᠠᠵᠤ᠂ ᠤᠳᠬ᠎ᠠ ᠤᠷᠠᠯᠢᠭ ᠤᠨ ᠠᠵᠢᠯᠲᠠᠳ ᠭᠤᠴᠣ ᠰᠠᠶᠢᠬᠠᠨ ᠭᠦᠭ ᠠᠶ᠎ᠠ᠂ ᠰᠡᠳᠬᠢᠯ ᠬᠥᠳᠡᠯᠭᠡᠮ᠎ᠡ ᠳᠠᠭᠤᠤ ᠪᠠᠷ ᠢᠶᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠲᠡᠦᠬᠡ ᠶᠢᠨ ᠰᠤᠳᠠᠰᠤ ᠶᠢ ᠳᠠᠭᠤᠤ ᠬᠥᠭᠵᠢᠮ ᠤᠨ ᠲᠤᠬᠯᠠᠯᠳᠠ ᠳᠤ ᠠᠭᠤᠰᠤᠯᠴᠠᠭᠤᠯᠵᠤ᠂ ᠰᠣᠩᠭᠤᠳᠠᠭ ᠳᠠᠭᠤᠤ ᠬᠥᠭᠵᠢᠮ ᠤᠨ ᠪᠦᠲᠦᠭᠡᠯ ᠳᠠᠬᠢ ᠲᠡᠦᠬᠡ ᠪᠠ ᠴᠠᠭ ᠦᠶ᠎ᠡ ᠶᠢᠨ ᠳᠤᠷᠠᠰᠤᠮᠵᠢ ᠶᠢ ᠰᠡᠷᠭᠦᠭᠡᠪᠡ᠃      ᠦᠯᠢᠶᠡᠪᠦᠷᠢ ᠴᠢᠪᠬᠠᠳᠠᠰᠤᠨ ᠤ ᠬᠥᠭᠵᠢᠮ ︽ᠨᠢᠭᠡᠳᠦᠭᠡᠷ ᠨᠠᠶᠢᠷᠠᠯ ᠠᠶ᠎ᠠ ᠶᠢᠨ ᠣᠷᠣᠰᠢᠯ ᠬᠥᠭᠵᠢᠮ︾᠂ ᠨᠠᠶᠢᠷᠠᠯ ᠳᠠᠭᠤᠤ ︽ᠬᠠᠲᠤᠨ ᠭᠤᠣᠯ ᠤᠨ ᠨᠠᠶᠢᠷᠠᠯ ᠳᠠᠭᠤᠤ︾ ᠨᠢ ᠣᠮᠤᠭ ᠲᠡᠭᠦᠯᠳᠡᠷ ᠪᠠᠶᠢᠵᠤ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠳᠤ ᠳᠤᠮᠳᠠᠳᠤ ᠤᠯᠤᠰ ᠤᠨ ᠠᠷᠠᠳ ᠲᠦᠮᠡᠨ ᠤ ᠴᠢᠰᠤᠲᠤ ᠪᠠᠶᠢᠯᠳᠤᠭᠠᠨ ᠬᠢᠵᠦ᠂ ᠨᠤᠭᠤᠷᠠᠰᠢ ᠦᠭᠡᠢ ᠲᠡᠮᠡᠴᠡᠵᠦ᠂ ᠨᠠᠮ ᠤᠨ ᠤᠳᠤᠷᠢᠳᠤᠯᠭ᠎ᠠ ᠳᠣᠣᠷ᠎ᠠ ᠠᠭᠤᠤ ᠶᠡᠭᠡ ᠢᠯᠠᠯᠲᠠ ᠶᠢ ᠲᠡᠮᠡᠴᠡᠨ ᠣᠯᠵᠤ᠂ ᠰᠢᠨ᠎ᠡ ᠳᠤᠮᠳᠠᠳᠤ ᠤᠯᠤᠰ ᠢ ᠪᠠᠶᠢᠭᠤᠯᠤᠭᠰᠠᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠭᠦᠢᠴᠡᠳ ᠬᠠᠷᠠᠭᠤᠯᠪᠠ᠃ ︽ᠡᠬᠡ ᠤᠯᠤᠰ ᠤᠨ ᠮᠠᠭᠲᠠᠭᠠᠯ ᠳᠠᠭᠤᠤ︾ ᠨᠢ ᠢᠳᠡ ᠬᠦᠴᠦᠲᠡᠢ ᠪᠥᠭᠡᠳ ᠭᠦᠷ ᠪᠠᠶᠠᠷ ᠲᠠᠢ᠂ ︽ᠡᠯᠪᠡᠭ ᠬᠤᠷᠢᠶᠠᠯᠲᠠ ᠶᠢᠨ ᠳᠠᠭᠤᠤ︾ ᠨᠢ ᠪᠠᠶᠠᠷ ᠪᠠᠶᠠᠰᠬᠤᠯᠠᠩ ᠲᠠᠢ ᠪᠠᠶᠢᠵᠤ᠂ 2 ᠦᠯᠢᠶᠡᠪᠦᠷᠢ ᠴᠢᠪᠬᠠᠳᠠᠰᠤᠨ ᠤ ᠬᠥᠭᠵᠢᠮ ᠨᠢ ᠨᠡᠶᠢᠭᠡᠮ ᠵᠢᠷᠤᠮᠲᠤ ᠬᠤᠪᠢᠰᠬᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠶᠢᠨ ᠥᠪᠡᠷ ᠤᠨ ᠬᠦᠴᠦ ᠪᠠᠷ ᠢᠶᠠᠨ ᠳᠡᠭᠵᠢᠷᠡᠵᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠭᠰᠠᠨ ᠮᠠᠷᠲᠠᠭᠳᠠᠰᠢ ᠦᠭᠡᠢ ᠣᠨ ᠰᠠᠷ᠎ᠠ ᠶᠢ ᠲᠠᠭᠢᠨ ᠡᠷᠭᠢᠴᠡᠭᠦᠯᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠴᠢᠩᠭ᠎ᠠ ᠴᠤᠤᠷᠢᠶᠠᠲᠤᠯ ᠢ ᠣᠯᠣᠭᠰᠠᠨ ᠪᠠᠶᠢᠨ᠎ᠠ᠃ ᠦᠯᠢᠶᠡᠪᠦᠷᠢ ᠴᠢᠪᠬᠠᠳᠠᠰᠤᠨ ᠤ ᠬᠥᠭᠵᠢᠮ ︽ᠪᠡᠭᠡᠵᠢᠩ ᠤᠨ ᠪᠠᠶᠠᠷ ᠤᠨ ᠴᠢᠮᠡᠭᠡ ᠬᠢᠯᠢ ᠬᠢᠵᠠᠭᠠᠷ ᠣᠷᠣᠨ ᠳᠤ ᠭᠦᠷᠦᠯ᠎ᠡ︾᠂ ᠦᠨᠳᠦᠰᠦᠲᠡᠨ ᠤ ᠬᠥᠭᠵᠢᠮ ᠤᠨ ᠬᠠᠮᠲᠤᠷᠠᠨ ᠬᠥᠭᠵᠢᠮᠳᠡᠭᠰᠡᠨ ︽ᠲᠠᠩᠰᠤᠭ ᠰᠠᠶᠢᠬᠠᠨ ᠨᠠᠶᠢᠷᠠᠯ ᠬᠥᠭᠵᠢᠮ︾ ᠨᠢ ᠠᠳᠠᠯᠢ ᠪᠤᠰᠤ ᠦᠨᠳᠦᠰᠦᠲᠡᠨ᠂ ᠠᠳᠠᠯᠢ ᠪᠤᠰᠤ ᠭᠠᠵᠠᠷ ᠣᠷᠣᠨ ᠤ ᠥᠪᠡᠷᠮᠢᠴᠡ ᠠᠶᠠᠰ ᠲᠠᠢ ᠠᠭᠤᠰᠤᠯᠴᠠᠨ᠂ ᠢᠷᠠᠭᠤ ᠰᠠᠶᠢᠬᠠᠨ ᠭᠦᠭ ᠠᠶᠠᠰ ᠢᠶᠠᠷ ᠡᠬᠡ ᠤᠯᠤᠰ ᠤᠨ ᠠᠭᠤᠯᠠ ᠤᠰᠤ ᠪᠠ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠢ ᠮᠠᠭᠲᠠᠨ ᠳᠠᠭᠤᠯᠠᠪᠠ᠃ ᠨᠠᠶᠢᠷᠠᠯ ᠳᠠᠭᠤᠤ ︽ᠬᠦᠰᠡᠯᠡᠩᠲᠦ ᠲᠠᠯ᠎ᠠ ᠨᠤᠲᠤᠭ︾᠂ ᠦᠯᠢᠶᠡᠪᠦᠷᠢ ᠴᠢᠪᠬᠠᠳᠠᠰᠤᠨ ᠤ ᠬᠥᠭᠵᠢᠮ ︽ᠵᠠᠯᠠᠭᠤᠴᠤᠳ ᠤᠨ ᠸᠠᠯᠼ︾ ᠤᠨ ᠭᠦᠭ ᠠᠶᠠᠯᠭᠤ ᠨᠢ ᠢᠷᠠᠭᠤ ᠤᠶᠠᠩᠭᠠᠯᠢᠭ᠂ ᠬᠥᠩᠭᠡᠨ ᠴᠣᠪᠣᠭᠤᠯᠢᠭ ᠪᠠᠶᠢᠵᠤ᠂ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠳᠤᠮᠳᠠᠳᠤ ᠤᠯᠤᠰ ᠤᠨ ᠠᠷᠠᠳ ᠲᠦᠮᠡᠨ ᠤ ᠦᠵᠡᠯ ᠰᠠᠨᠠᠭ᠎ᠠ ᠪᠠᠨ ᠴᠢᠯᠦᠭᠡᠯᠡᠨ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠬᠰᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠵᠢᠷᠤᠭᠯᠠᠵᠠᠢ᠃      75 ᠵᠢᠯ ᠰᠠᠯᠬᠢ ᠪᠣᠷᠣᠭᠠᠨ ᠢ ᠰᠥᠷᠴᠦ᠂ 75 ᠵᠢᠯ ᠡᠷᠡᠮᠡᠬᠡᠶᠢᠯᠡᠨ ᠤᠷᠤᠭᠰᠢᠯᠠᠪᠠ᠃ ᠪᠦᠭᠦᠶᠢᠯᠡ ᠳᠠᠭᠤᠤ ᠬᠥᠭᠵᠢᠮ ᠤᠨ ᠦᠳᠡᠰᠢᠯᠡᠭᠡ ᠨᠢ ᠭᠦᠷ ᠨᠠᠷᠭᠢᠶᠠᠨ ᠢᠶᠠᠷ ᠪᠢᠯᠬᠠᠵᠤ᠂ ᠬᠥᠭᠵᠢᠶᠡᠨ ᠲᠠᠢ ᠰᠠᠶᠢᠬᠠᠨ ᠶᠠᠪᠤᠭᠳᠠᠪᠠ᠃ ᠲᠡᠭᠦᠯᠳᠡᠷ ᠬᠤᠭᠤᠷ ᠪᠣᠯᠣᠨ ᠬᠥᠭᠵᠢᠮ ᠤᠨ ᠠᠩᠭᠢ ᠤᠷᠮ᠎ᠠ ᠵᠣᠷᠢᠭ ᠢ ᠬᠥᠭᠵᠢᠭᠡᠭᠰᠡᠨ ︽ᠰᠢᠨ᠎ᠡ ᠶᠢᠷᠲᠢᠨᠴᠦ︾ ᠶᠢ ᠬᠥᠭᠵᠢᠮᠳᠡᠵᠦ᠂ ᠦᠯᠢᠶᠡᠪᠦᠷᠢ ᠴᠢᠪᠬᠠᠳᠠᠰᠤᠨ ᠤ ᠬᠥᠭᠵᠢᠮ ︽ᠠᠭᠤᠯᠠ ᠤᠰᠤ ᠵᠢᠷᠤᠭ ᠮᠡᠲᠦ︾ ᠨᠢ ᠭᠦᠨ ᠵᠤᠵᠠᠭᠠᠨ ᠬᠠᠶᠢᠷ᠎ᠠ ᠰᠡᠳᠬᠢᠯᠭᠡ ᠭᠦᠨ ᠠᠭᠤᠯᠵᠤ᠂ ᠨᠠᠶᠢᠷᠠᠯ ᠳᠠᠭᠤᠤ ︽ᠰᠢᠨ᠎ᠡ ᠠᠶᠠᠨ︾ ᠨᠢ ᠣᠮᠤᠭ ᠵᠢᠪᠬᠤᠭ᠎ᠠ ᠶᠢ ᠢᠯᠡᠷᠡᠭᠦᠯᠵᠦ᠂ ᠴᠠᠭ ᠦᠶ᠎ᠡ ᠶᠢᠨ ᠳᠠᠭᠤᠤ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠦᠭ ᠲᠦᠮᠡᠨ ᠳᠤᠮᠳᠠᠳᠤ ᠶᠢᠨ ᠬᠥᠪᠡᠭᠦᠳ ᠥᠬᠢᠳ ᠤᠨ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠬᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠬᠠᠷᠠᠭᠤᠯᠵᠤ᠂ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃ ︽ᠲᠠᠪᠤᠨ ᠣᠳᠣᠲᠤ ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠨ᠎ᠠ᠂ ᠢᠯᠠᠯᠲᠠ ᠶᠢᠨ ᠳᠠᠭᠤᠤ ᠬᠡᠴᠢᠨᠡᠨ ᠬᠠᠩᠭᠢᠨᠠᠮ᠎ᠠ ᠪᠤᠢ︕︾ ᠬᠡᠮᠡᠨ ᠲᠠᠯᠠᠪᠠᠢ ᠳᠠᠶᠠᠭᠠᠷ ᠢᠶᠠᠨ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠳᠠᠭᠤᠤ ᠶᠢ ᠬᠠᠩᠭᠢᠨᠠᠲᠠᠯ᠎ᠠ ᠳᠠᠭᠤᠯᠠᠬᠤ ᠶᠢ ᠳᠠᠭᠠᠯᠳᠤᠨ᠂ ᠳᠠᠭᠤᠤ ᠬᠥᠭᠵᠢᠮ ᠤᠨ ᠦᠳᠡᠰᠢᠯᠡᠭᠡ ᠥᠨᠳᠥᠷᠯᠡᠪᠡ᠃      ᠳᠠᠭᠤᠤ ᠬᠥᠭᠵᠢᠮ ᠤᠨ ᠲᠤᠬᠯᠠᠯᠳᠠ ᠳᠤ ᠣᠷᠣᠯᠴᠠᠭᠰᠠᠳ ᠲᠤ ᠪᠠᠰᠠ᠄ ᠶᠢᠨ ᠯᠢ᠂ ᠱᠢ ᠲᠠᠢ ᠹᠧᠩ᠂ ᠯᠢᠦ ᠭᠦᠸᠧ ᠵᠦᠩ᠂ ᠯᠢ ᠭᠠᠨ ᠵᠢᠶᠧ᠂ ᠯᠢ ᠱᠤ᠋ ᠯᠧᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠵᠠᠩ ᠶᠢᠦ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠵᠢᠶᠠ ᠴᠢᠩ ᠯᠢᠨ᠂ ᠵᠠᠩ ᠳ᠋ᠧ ᠵᠢᠶᠠᠩ᠂ ᠢᠦᠢ ᠵᠧᠩ ᠱᠧᠩ᠂ ᠯᠢ ᠵᠠᠨ ᠱᠤ᠋᠂ ᠸᠠᠩ ᠶᠠᠩ᠂ ᠽᠧᠩ ᠴᠢᠩ ᠬᠤᠩ᠂ ᠯᠢ ᠴᠠᠩ ᠴᠦᠨ᠂ ᠾᠧ ᠭᠦᠸᠧ ᠴᠢᠶᠠᠩ᠂ ᠯᠢᠦ ᠶᠦᠨ ᠱᠠᠨ᠂ ᠸᠠᠩ ᠴᠢ ᠱᠠᠨ᠂ ᠵᠠᠩ ᠭᠤᠤ ᠯᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠳᠤᠷᠢᠳᠬᠤ ᠨᠥᠬᠦᠳ ᠪᠠ ᠤᠳᠤᠷᠢᠳᠬᠤ ᠲᠤᠰᠢᠶᠠᠯ  ᠠᠴᠠ ᠪᠠᠨ ᠪᠠᠭᠤᠭᠰᠠᠨ ᠨᠥᠬᠦᠳ ᠪᠠᠶᠢᠨ᠎ᠠ᠃      ᠲᠥᠪ ᠤᠨ ᠨᠠᠮ ᠵᠠᠰᠠᠭ ᠴᠡᠷᠢᠭ ᠣᠯᠠᠨ ᠲᠦᠮᠡᠨ ᠤ ᠪᠦᠯᠭᠦᠮ ᠤᠨ ᠡᠯ᠎ᠡ ᠰᠠᠯᠠᠭ᠎ᠠ ᠮᠥᠴᠢᠷ ᠪᠠ ᠪᠡᠭᠡᠵᠢᠩ ᠬᠤᠲᠠ ᠶᠢᠨ ᠭᠤᠣᠯ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠠ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ︽ᠪᠦᠭᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ︾᠂ ︽ᠨᠥᠬᠦᠷᠯᠡᠯ ᠤᠨ ᠭᠠᠪᠢᠶᠠᠨ ᠲᠡᠮᠳᠡᠭ︾᠂ ︽7·1 ᠤ ᠭᠠᠪᠢᠶᠠᠨ ᠲᠡᠮᠳᠡᠭ︾᠂ ︽8·1 ᠤ ᠭᠠᠪᠢᠶᠠᠨ ᠲᠡᠮᠳᠡᠭ︾ ᠪᠣᠯᠣᠨ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠤᠨ ᠲᠥᠯᠥᠭᠡᠯᠡᠭᠴᠢ᠂ ᠪᠦᠭᠦ ᠤᠯᠤᠰ ᠤᠨ ᠲᠡᠷᠢᠭᠦᠨ ᠤ ᠵᠢᠱᠢᠶᠡᠴᠢ᠂ ᠪᠦᠭᠦ ᠤᠯᠤᠰ ᠤᠨ ᠭᠤᠣᠯᠳᠠᠯᠭ᠎ᠠ ᠲᠠᠢ ᠬᠠᠷᠠᠭᠠᠯᠵᠠᠬᠤ ᠡᠲᠡᠭᠡᠳ ᠤᠨ ᠲᠥᠯᠥᠭᠡᠯᠡᠭᠴᠢ᠂ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠣᠭᠤᠷᠢᠨ ᠦᠵᠡᠬᠦ ᠪᠦᠯᠭᠦᠮ ᠤᠨ ᠪᠦᠷᠢᠯᠳᠦᠭᠦᠨ᠂ ᠠᠬᠠᠮᠠᠳ ᠨᠥᠬᠦᠳ ᠤᠨ ᠲᠥᠯᠥᠭᠡᠯᠡᠭᠴᠢ᠂ ᠰᠢᠶᠠᠩᠭᠠᠩ ᠣᠣᠮᠧᠨ ᠤ ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠵᠢᠴᠢ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ᠂ ᠬᠠᠷᠢᠶᠠᠲᠤ ᠶᠢᠨ ᠭᠡᠷ ᠪᠦᠯᠢ ᠶᠢᠨ ᠲᠥᠯᠥᠭᠡᠯᠡᠭᠴᠢ᠂ ᠪᠡᠭᠡᠵᠢᠩ ᠳᠤ ᠰᠠᠭᠤᠭ᠎ᠠ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ᠂ ᠨᠡᠶᠢᠰᠯᠡᠯ ᠤᠨ ᠡᠯ᠎ᠡ ᠡᠲᠡᠭᠡᠳ ᠤᠨ ᠤᠯᠠᠨ ᠲᠦᠮᠡᠨ ᠤ ᠲᠥᠯᠥᠭᠡᠯᠡᠭᠴᠢ᠂ ᠳᠤᠮᠳᠠᠳᠤ ᠤᠯᠤᠰ ᠲᠤ ᠰᠠᠭᠤᠭ᠎ᠠ ᠡᠯ᠎ᠡ ᠤᠯᠤᠰ ᠤᠨ ᠡᠯᠴᠢᠨ ᠰᠠᠶᠢᠳ᠂ ᠡᠯ᠎ᠡ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠳᠤ ᠤᠯᠤᠰ ᠲᠤ ᠰᠠᠭᠤᠭ᠎ᠠ ᠲᠥᠯᠥᠭᠡᠯᠡᠭᠴᠢ ᠪᠣᠯᠣᠨ ᠳᠤᠮᠳᠠᠳᠤ ᠤᠯᠤᠰ ᠲᠤ ᠠᠵᠢᠯᠯᠠᠵᠤ ᠪᠠᠶᠢᠭ᠎ᠠ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠤ ᠲᠥᠯᠥᠭᠡᠯᠡᠭᠴᠢ ᠨᠠᠷ ᠲᠣᠬᠯᠠᠯᠲᠠ ᠶᠢ ᠰᠣᠨᠢᠷᠬᠠᠪᠠ᠃               
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ