ᠣᠲᠤᠭ ᠬᠤᠰᠢᠭᠤᠨ ᠤ 1 ︱ 7 ᠳ᠋ᠤᠭᠠᠷ ᠰᠠᠷ᠎ᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠡᠷᠭᠢᠯᠳᠦᠵᠦ᠂ | ᠡᠵᠡᠩᠨᠡᠯᠲᠡ ᠶᠢᠨ ᠣᠷᠣᠯᠭ᠎ᠠ ᠶᠢᠨ ᠪᠠᠭᠤᠷᠠᠯᠲᠠ ᠪᠠᠭᠠᠰᠪᠠ | | ᠨᠢᠭᠡ᠂ ᠭᠤᠣᠯ ᠭᠦᠢᠴᠡᠳᠬᠡᠬᠦ ᠲᠤᠭ᠎ᠠ ᠶᠢᠨ ᠲᠣᠶᠢᠮᠣ ᠪᠠᠶᠢᠳᠠᠯ | 1︱7 ᠳ᠋ᠤᠭᠠᠷ ᠰᠠᠷ᠎ᠠ ᠳᠤ᠂ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠳᠠᠷᠤᠭᠠᠰᠤ ᠶᠢ ᠠᠷᠭᠠᠴᠠᠭᠠᠵᠤ | ᠦᠷᠭᠦᠯᠵᠢᠯᠡᠨ ᠬᠥᠭᠵᠢᠪᠡ᠃ ᠪᠥᠬᠦ ᠬᠤᠰᠢᠭᠤᠨ ᠤ 27 ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ 1︱7 ᠳ᠋ᠤᠭᠠᠷ | ᠰᠠᠷ᠎ᠠ ᠳᠤ 18.4 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.1% ᠪᠠᠷ ᠪᠠᠭᠤᠷᠠᠨ᠂ | ᠪᠠᠭᠤᠷᠠᠯᠲᠠ ᠶᠢᠨ ᠬᠡᠮᠵᠢᠶ᠎ᠡ ᠨᠢ 1︱6 ᠳ᠋ᠤᠭᠠᠷ ᠰᠠᠷ᠎ᠠ ᠶᠢᠨ ᠬᠢ ᠠᠴᠠ ᠵᠠᠭᠤᠨ ᠤ 13.9 ᠨᠢᠭᠡᠴᠢ ᠪᠠᠭᠠᠰᠪᠠ᠃ | ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ | 16.67 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.4% ᠪᠠᠷ ᠪᠠᠭᠤᠷᠠᠨ᠂ ᠪᠠᠭᠤᠷᠠᠯᠲᠠ ᠶᠢᠨ ᠬᠡᠮᠵᠢᠶ᠎ᠡ ᠨᠢ 1︱6 | ᠳ᠋ᠤᠭᠠᠷ ᠰᠠᠷ᠎ᠠ ᠶᠢᠨ ᠬᠢ ᠠᠴᠠ ᠵᠠᠭᠤᠨ ᠤ 14.14 ᠨᠢᠭᠡᠴᠢ ᠪᠠᠭᠠᠰᠪᠠ᠃ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ | ᠣᠷᠣᠯᠭ᠎ᠠ ᠶᠢᠨ ᠡᠵᠡᠯᠡᠬᠦ ᠬᠤᠪᠢ ᠶᠢᠨ ᠵᠢᠩ 90.6% ᠳᠤ ᠬᠦᠷᠴᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠮᠠᠨ ᠤ ᠬᠤᠰᠢᠭᠤᠨ ᠤ | ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠲᠠᠬᠢ ᠲᠤᠯᠭᠠᠭᠤᠷᠢᠯᠠᠬᠤ ᠪᠠᠶᠢᠷᠢ ᠰᠠᠭᠤᠷᠢ ᠳᠣᠪᠣᠶᠢᠮ᠎ᠡ ᠪᠠᠶᠢᠪᠠ᠃ ᠭᠡᠷ ᠪᠠᠶᠢᠰᠢᠩ ᠭᠠᠵᠠᠷ | ᠬᠥᠷᠥᠩᠭᠡ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ 1.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.46% ᠪᠠᠷ | ᠨᠡᠮᠡᠭᠳᠡᠪᠡ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 0.3 ᠳ᠋ᠦᠩᠰᠢᠭᠤᠷ ᠲᠥᠭᠦᠷᠢᠭ | ᠬᠦᠷᠴᠦ᠂ ᠠᠳᠠᠯᠢ ᠬᠤᠭᠤᠴᠠᠭᠠᠨ ᠤ ᠬᠢ ᠠᠴᠠ 9.45% ᠪᠠᠷ ᠪᠠᠭᠤᠷᠠᠪᠠ᠃ | ᠬᠤᠶᠠᠷ᠂ ᠣᠳᠣᠬᠠᠨ ᠳᠤ ᠠᠩᠬᠠᠷᠬᠤ ᠴᠢᠬᠤᠯᠠᠲᠠᠢ ᠠᠰᠠᠭᠤᠳᠠᠯ | ︵ᠨᠢᠭᠡ︶ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠴᠥᠭᠡᠷᠡᠪᠡ᠃ ᠨᠢᠳᠤᠨᠤᠨ ᠤ 12 ᠳ᠋ᠤᠭᠠᠷ ᠰᠠᠷ᠎ᠠ ᠠᠴᠠ | ᠡᠬᠢᠯᠡᠨ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠰᠥᠭᠡᠷᠭᠦ ᠨᠡᠮᠡᠭᠳᠡᠯ ᠢ | ᠪᠡᠶᠡᠯᠡᠭᠦᠯᠪᠡ᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠨᠢ ᠳᠥᠷᠪᠡᠨ ᠶᠡᠭᠡ ᠠᠵᠢᠯ ᠲᠥᠷᠥᠯ ᠢᠶᠠᠷ ᠪᠦᠷᠢᠯᠳᠦᠪᠡ᠂ | ᠡᠭᠦᠨ ᠳᠤ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠭᠤᠣᠯᠯᠠᠬᠤ ᠪᠠᠶᠢᠷᠢ ᠶᠢ ᠡᠵᠡᠯᠡᠵᠦ ᠪᠠᠶᠢᠭ᠎ᠠ ᠪᠣᠯᠪᠠᠴᠤ ᠨᠡᠭᠦᠷᠡᠰᠦᠨ ᠤ ᠵᠠᠬ᠎ᠠ | ᠳᠡᠯᠭᠡᠭᠦᠷ ᠮᠠᠭᠤᠳᠠᠭᠰᠠᠨ ᠠᠴᠠ ᠪᠣᠯᠵᠤ᠂ ᠵᠠᠷᠢᠮ ᠠᠵᠤ ᠠᠬᠤᠶᠢᠯᠠᠯ ᠠᠵᠢᠯ ᠵᠣᠭᠰᠣᠪᠠ᠂ ᠣᠳᠣᠬᠠᠨ ᠪᠣᠯᠲᠠᠯ᠎ᠠ᠂ 27 ᠬᠡᠪᠴᠢᠶᠡᠵᠢᠯ ᠠᠴᠠ ᠳᠡᠭᠡᠭᠰᠢᠬᠢ | ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ ᠬᠡᠪ ᠤᠨ ᠶᠣᠰᠣᠭᠠᠷ ᠠᠵᠢᠯᠯᠠᠵᠤ ᠪᠠᠶᠢᠭ᠎ᠠ ᠨᠢ ᠵᠥᠪᠬᠡᠨ 23 ᠡᠷᠦᠬᠡ ᠪᠠᠶᠢᠨ᠎ᠠ᠃ | ︵ᠬᠤᠶᠠᠷ︶ ᠨᠡᠭᠦᠷᠡᠰᠦᠨ ᠤ ᠵᠠᠬ᠎ᠠ ᠳᠡᠯᠭᠡᠭᠦᠷ ᠮᠠᠭᠤᠳᠠᠭᠰᠠᠨ ᠠᠴᠠ ᠪᠣᠯᠵᠤ ᠲᠡᠭᠡᠭᠡᠪᠦᠷᠢ ᠶᠢᠨ ᠬᠡᠷᠡᠭᠴᠡᠭᠡ ᠪᠠᠭᠠᠰᠪᠠ᠃ ᠨᠡᠭᠦᠷᠡᠰᠦ ᠨᠢ ᠲᠤᠰ ᠭᠠᠵᠠᠷ | ᠣᠷᠣᠨ ᠤ ᠪᠠᠨ ᠭᠤᠣᠯ ᠡᠨᠧᠷᠭᠢ ᠪᠠ ᠲᠦᠭᠦᠬᠡᠢ ᠮᠠᠲ᠋ᠧᠷᠢᠶᠠᠯ ᠪᠣᠯᠤᠭᠰᠠᠨ ᠤ ᠬᠤᠪᠢ ᠳᠤ᠂ ᠵᠠᠬ᠎ᠠ ᠳᠡᠯᠭᠡᠭᠦᠷ ᠤᠨ ᠬᠡᠷᠡᠭᠴᠡᠭᠡᠨ ᠤ ᠬᠤᠪᠢᠷᠠᠯᠲᠠ ᠨᠢ ᠵᠠᠮ ᠬᠠᠷᠢᠯᠴᠠᠭ᠎ᠠ | ᠲᠡᠭᠡᠭᠡᠪᠦᠷᠢ ᠶᠢᠨ ᠦᠢᠯᠡᠰ ᠢ ᠰᠢᠭᠤᠳ ᠨᠥᠯᠥᠭᠡᠯᠡᠵᠦ ᠪᠠᠶᠢᠨ᠎ᠠ᠃ ᠨᠡᠭᠦᠷᠡᠰᠦᠨ ᠤ ᠦᠨ᠎ᠡ ᠪᠠᠭᠤᠷᠠᠬᠤ ᠪᠠ ᠬᠡᠷᠡᠭᠴᠡᠭᠡ ᠪᠠᠭᠠᠰᠬᠤ ᠶᠢ ᠳᠠᠭᠠᠯᠳᠤᠨ᠂ ᠨᠡᠭᠦᠷᠡᠰᠦᠨ ᠤ | ᠲᠡᠭᠡᠭᠡᠪᠦᠷᠢ ᠶᠢᠨ ᠤᠳᠠᠭ᠎ᠠ ᠳᠠᠷᠠᠭ᠎ᠠ ᠪᠠ ᠲᠤᠭ᠎ᠠ ᠬᠡᠮᠵᠢᠶ᠎ᠡ ᠴᠦ ᠳᠠᠭᠠᠯᠳᠤᠨ ᠪᠠᠭᠤᠷᠠᠵᠤ᠂ ᠵᠠᠮ ᠲᠡᠭᠡᠭᠡᠪᠦᠷᠢ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ ᠬᠦᠨᠳᠦ | ᠨᠣᠴᠢᠲᠠᠢ ᠳᠠᠭᠠᠷᠢᠯᠲᠠ ᠳᠤ ᠤᠴᠠᠷᠠᠪᠠ᠃ ᠪᠦᠬᠦ ᠪᠥᠮᠪᠥᠷᠴᠡᠭ ᠤᠨ ᠠᠵᠤ ᠠᠬᠤᠢ ᠤᠳᠠᠭᠠᠰᠢᠷᠠᠵᠤ᠂ ᠠᠷᠠᠯᠵᠢᠶᠠᠨ ᠤ ᠬᠠᠮᠠᠭᠠᠯᠠᠬᠤ ᠦᠵᠡᠯ ᠵᠡᠷᠭᠡ ᠬᠦᠴᠦᠨ ᠵᠦᠢᠯ ᠨᠢ | ᠴᠦ ᠵᠠᠮ ᠲᠡᠭᠡᠭᠡᠪᠦᠷᠢ ᠶᠢᠨ ᠦᠢᠯᠡᠰ ᠲᠤ ᠠᠰᠢᠭ ᠦᠭᠡᠢ ᠨᠥᠯᠥᠭᠡ ᠦᠵᠡᠭᠦᠯᠵᠦ ᠪᠠᠶᠢᠨ᠎ᠠ᠃ | ︵ᠭᠤᠷᠪᠠ︶ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠳᠣᠲᠣᠭᠠᠳᠤ ᠭᠠᠳᠠᠭᠠᠳᠤ ᠶᠢᠨ ᠳᠠᠪᠬᠤᠷ ᠳᠠᠷᠤᠯᠲᠠ ᠳᠤ ᠳᠤᠯᠠᠭᠠᠷᠠᠪᠠ᠃ ᠭᠠᠳᠠᠭᠠᠳᠤ | ᠥᠷᠢᠰᠦᠯᠳᠦᠭᠡᠨ ᠤ ᠳᠠᠷᠤᠯᠲᠠ ᠶᠡᠬᠡᠰᠬᠦ ᠶᠢᠨ ᠵᠡᠷᠭᠡ ᠳᠤ ᠳᠣᠲᠣᠭᠠᠳᠤ ᠶᠢᠨ ᠥᠪᠡᠷ ᠤᠨ ᠥᠷᠲᠡᠭ ᠴᠦ ᠦᠷᠭᠦᠯᠵᠢᠯᠡᠨ ᠳᠡᠭᠡᠭᠰᠢᠯᠡᠵᠦ ᠪᠠᠶᠢᠨ᠎ᠠ᠃ 2024 ᠣᠨ ᠤ | 1︱7 ᠳ᠋ᠤᠭᠠᠷ ᠰᠠᠷ᠎ᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠠᠰᠢᠭ ᠣᠷᠣᠯᠭ᠎ᠠ ᠶᠢᠨ ᠪᠥᠬᠦ ᠲᠤᠭ᠎ᠠ 1.15 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 27.5% ᠪᠠᠷ ᠪᠠᠭᠤᠷᠠᠨ᠂ ᠠᠰᠢᠭ ᠣᠷᠣᠯᠭ᠎ᠠ ᠶᠢᠨ ᠨᠣᠷᠮ᠎ᠠ ᠨᠢ ᠠᠳᠠᠯᠢ ᠬᠤᠭᠤᠴᠠᠭᠠᠨ ᠤ ᠬᠢ ᠠᠴᠠ ᠵᠠᠭᠤᠨ ᠤ 2 | ᠨᠢᠭᠡᠴᠢ ᠪᠠᠭᠤᠷᠠᠪᠠ᠃ ᠨᠢᠭᠡ ᠲᠠᠯ᠎ᠠ ᠪᠠᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢᠨ ᠡᠳᠦᠷ ᠢᠷᠡᠬᠦᠶ᠎ᠡ ᠴᠢᠩᠭᠠᠷᠠᠬᠤ ᠶᠢ ᠳᠠᠭᠠᠯᠳᠤᠨ᠂ | ᠠᠵᠤ ᠠᠬᠤᠶᠢᠯᠠᠯ ᠤᠳ ᠨᠠᠩ ᠣᠯᠠᠨ ᠪᠡᠯᠡ ᠮᠥᠩᠭᠦ ᠶᠢ ᠲᠡᠷᠭᠡ ᠬᠥᠰᠬᠡ ᠶᠢ ᠰᠢᠨᠡᠳᠬᠡᠬᠦ᠂ ᠭᠠᠳᠠᠭᠰᠢᠯᠠᠭᠤᠯᠤᠯᠲᠠ ᠶᠢ ᠵᠠᠰᠠᠬᠤ ᠵᠡᠷᠭᠡ ᠲᠠᠯ᠎ᠠ ᠳᠤ ᠬᠡᠷᠡᠭᠯᠡᠬᠦ | ᠴᠢᠬᠤᠯᠠᠲᠠᠢ ᠪᠠᠶᠢᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠨᠡᠮᠡᠭᠳᠡᠭᠦᠯᠪᠡ᠃ ᠨᠥᠭᠦᠭᠡ ᠲᠠᠯ᠎ᠠ ᠪᠠᠷ᠂ ᠬᠥᠳᠡᠯᠮᠦᠷᠢ ᠬᠦᠴᠦᠨ ᠤ | ᠥᠪᠡᠷ ᠤᠨ ᠥᠷᠲᠡᠭ᠂ ᠰᠢᠳᠠᠭᠠᠯᠠᠭ᠎ᠠ ᠶᠢᠨ ᠲᠣᠰᠣᠨ ᠤ ᠥᠪᠡᠷ ᠤᠨ ᠥᠷᠲᠡᠭ ᠵᠡᠷᠭᠡ ᠨᠢ ᠴᠦ ᠵᠢᠯ ᠠᠴᠠ ᠵᠢᠯ ᠨᠡᠮᠡᠭᠳᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ | ᠥᠪᠡᠷ ᠤᠨ ᠥᠷᠲᠡᠭ ᠢ ᠤᠯᠠᠮ ᠨᠡᠮᠡᠭᠳᠡᠭᠦᠯᠦᠨ᠂ ᠵᠠᠷᠢᠮ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠠᠷᠭ᠎ᠠ ᠪᠤᠰᠤ ᠬᠡᠰᠡᠭ ᠲᠤᠬᠠᠶᠢᠯᠠᠭᠰᠠᠨ ᠠᠵᠢᠯ ᠢᠶᠠᠨ | ᠭᠠᠳᠠᠭᠰᠢ ᠳᠠᠭᠠᠭᠠᠴᠢᠯᠠᠭᠤᠯᠤᠭᠰᠠᠨ ᠪᠠᠶᠢᠨ᠎ᠠ᠃ | ᠭᠤᠷᠪᠠ᠂ ᠳᠠᠷᠠᠭᠠᠴᠢ ᠶᠢᠨ ᠠᠵᠢᠯ ᠤᠨ ᠭᠤᠣᠯᠳᠠᠯᠭ᠎ᠠ | ︵ᠨᠢᠭᠡ︶ ᠪᠦᠬᠦ ᠤᠯᠤᠰ ᠤᠨ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠲᠡᠮ ᠪᠠᠶᠢᠴᠠᠭᠠᠯᠲᠠ ᠶᠢᠨ ᠠᠵᠢᠯ ᠳᠤ ᠲᠦᠰᠢᠭᠯᠡᠨ᠂ ᠦᠢᠯᠡᠴᠢᠯᠡᠭᠡᠨ ᠤ | ᠦᠢᠯᠡᠰ ᠤᠨ ᠠᠵᠤ ᠠᠬᠤᠶᠢᠯᠠᠯ ᠤᠨ ᠪᠠᠶᠢᠳᠠᠯ ᠢ ᠣᠶᠢᠯᠠᠭᠠᠨ ᠡᠮᠬᠢᠯᠡᠨ ᠲᠢᠭᠯᠢᠵᠦ᠂ ᠣᠨ ᠤ ᠨᠢᠭᠡᠳᠦᠯᠲᠡᠢ ᠲᠤᠰᠢᠶᠠᠬᠤ ᠠᠵᠤ ᠠᠬᠤᠶᠢᠯᠠᠯ ᠤᠨ ᠨᠠᠷᠢᠨ ᠬᠠᠭᠤᠳᠠᠰᠤ | ᠭᠠᠷᠭᠠᠨ᠂ ᠵᠢᠯ ᠤᠨ ᠣᠷᠣᠯᠭ᠎ᠠ ᠨᠢ 500 ᠲᠦᠮᠡᠨ ᠲᠥᠭᠦᠷᠢᠭ ᠢ ᠳᠠᠪᠠᠭᠰᠠᠨ ᠠᠵᠤ ᠠᠬᠤᠶᠢᠯᠠᠯ ᠢ ᠭᠤᠣᠯᠳᠠᠯᠭ᠎ᠠ ᠲᠠᠢ ᠠᠩᠬᠠᠷᠴᠤ᠂ ᠦᠢᠯᠡᠴᠢᠯᠡᠭᠡᠨ ᠤ ᠦᠢᠯᠡᠰ ᠤᠨ | ᠠᠵᠤ ᠠᠬᠤᠶᠢᠯᠠᠯ ᠤᠨ ︽ᠬᠡᠪᠴᠢᠶᠡᠵᠢᠯ ᠠᠴᠠ ᠳᠡᠭᠡᠭᠰᠢᠬᠢ ᠶᠢ ᠨᠢᠭᠡᠳᠦᠯᠲᠡᠢ ᠲᠤᠰᠢᠶᠠᠬᠤ︾ ᠶᠢ ᠠᠬᠢᠭᠤᠯᠤᠨ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠪᠥᠬᠦ | ᠲᠠᠯ᠎ᠠ ᠪᠠᠷ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠨ᠎ᠠ᠃ | ︵ᠬᠤᠶᠠᠷ︶ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠦᠢᠯᠡᠴᠢᠯᠡᠭᠡᠨ ᠤ ᠦᠢᠯᠡᠰ ᠤᠨ ᠰᠡᠷᠭᠦᠨ ᠬᠥᠭᠵᠢᠬᠦ ᠶᠢ ᠠᠬᠢᠭᠤᠯᠤᠨ᠎ᠠ᠃ | ᠵᠠᠰᠠᠭ ᠤᠨ ᠣᠷᠳᠣᠨ ᠠᠴᠠ ᠲᠦᠷᠦ ᠶᠢᠨ ᠪᠣᠳᠣᠯᠭ᠎ᠠ ᠲᠣᠭᠲᠠᠭᠠᠨ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠣᠭᠠᠴᠢᠯᠠᠭᠰᠠᠨ ᠬᠡᠯᠪᠡᠷᠢ ᠶᠢ | ᠬᠤᠪᠢᠷᠠᠭᠤᠯᠬᠤ ᠶᠢ ᠵᠣᠷᠢᠭᠵᠢᠭᠤᠯᠵᠤ᠂ ᠪᠡᠯᠡ ᠮᠥᠩᠭᠦᠨ ᠤ ᠳᠡᠮᠵᠢᠯᠭᠡ ᠪᠠ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠦᠨ᠎ᠡ︔ ᠡᠭᠦᠨ ᠤ ᠬᠠᠮᠲᠤ᠂ ᠵᠠᠮ | ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠡᠭᠡᠭᠡᠪᠦᠷᠢ ᠶᠢᠨ ᠨᠥᠬᠦᠴᠡᠯ ᠢ ᠰᠠᠶᠢᠵᠢᠷᠠᠭᠤᠯᠤᠨ᠎ᠠ︔ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠣᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠬᠠᠮᠠᠭᠠᠯᠠᠨ᠎ᠠ᠃ | ︵ᠭᠤᠷᠪᠠ︶ ᠠᠵᠤ ᠠᠬᠤᠶᠢᠯᠠᠯ ᠤᠳ ᠥᠪᠡᠷ ᠤᠨ ᠥᠷᠲᠡᠭ ᠤᠨ ᠪᠦᠲᠦᠴᠡ ᠪᠠᠨ ᠭᠦᠨᠵᠡᠭᠡᠢ ᠵᠠᠳᠠᠯᠵᠤ᠂ ᠡᠯ᠎ᠡ ᠵᠠᠩᠭᠢᠯᠠᠭ᠎ᠠ ᠶᠢ ᠰᠢᠯᠢᠳᠡᠭᠵᠢᠭᠦᠯᠦᠨ᠎ᠡ᠃ | ᠲᠡᠷᠢᠭᠦᠨ ᠤ ᠪᠠᠷᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠰᠢᠰᠲ᠋ᠧᠮ᠂ ᠲᠥᠪᠯᠡᠷᠡᠭᠦᠯᠦᠨ ᠬᠤᠳᠠᠯᠳᠤᠨ ᠠᠪᠬᠤ᠂ ᠬᠥᠮᠥᠷᠭᠡᠯᠡᠨ ᠬᠠᠳᠠᠭᠠᠯᠠᠬᠤ ᠥᠪᠡᠷ ᠤᠨ | ᠥᠷᠲᠡᠭ ᠢ ᠪᠠᠭᠤᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ᠃ ᠡᠵᠡᠩᠨᠡᠯᠲᠡ ᠬᠠᠮᠢᠶᠠᠷᠤᠯᠲᠠ ᠶᠢᠨ ᠲᠠᠯ᠎ᠠ ᠪᠠᠷ᠂ | ᠠᠵᠤ ᠠᠬᠤᠶᠢᠯᠠᠯ ᠤᠳ ᠥᠪᠡᠷ ᠤᠨ ᠥᠷᠲᠡᠭ ᠤᠨ ᠡᠵᠡᠮᠳᠡᠯ ᠪᠠ ᠲᠦᠭᠰᠢᠭᠦᠷᠢ ᠶᠢᠨ ᠬᠠᠮᠢᠶᠠᠷᠤᠯᠲᠠ ᠶᠢ ᠴᠢᠬᠤᠯᠠᠴᠢᠯᠠᠵᠤ᠂ ᠨᠠᠷᠢᠯᠢᠭᠵᠢᠭᠤᠯᠤᠭᠰᠠᠨ | ᠬᠠᠮᠢᠶᠠᠷᠤᠯᠲᠠ ᠪᠠᠷ ᠡᠵᠡᠩᠨᠡᠯᠲᠡ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠲᠣᠭᠲᠠᠭᠤᠨ ᠢᠶᠠᠷ ᠬᠥᠭᠵᠢᠬᠦ ᠶᠢ ᠦᠨᠡᠨᠬᠦ ᠪᠠᠲᠤᠯᠠᠨ᠎ᠠ᠃ | | |