ᠭᠤᠸ ᠬᠤᠸᠠᠢ ᠵᠢᠩ᠂ ᠰᠣ᠋ ᡁᠢ ᠰᠢᠶᠦ᠋ᠩ ᠱᠧᠨ ᠨᠧᠩ ᠤᠮᠠᠷᠠᠲᠤ ᠶᠢᠨ ᠡᠨᠧᠷᠭᠢ ᠶᠢᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢ ᡁᠢ ᠦ᠋ ᠪᠣᠯᠣᠨ ᠪᠠᠷ᠎ᠠ ᠪᠣᠯᠣᠭᠰᠠᠳ ᠲᠠᠢ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2024/9/5
      9 ᠳ᠋ᠦ᠋ᠭᠡᠷ ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ  ᠰᠢᠶᠦ᠋ᠡᠭ ᠬᠢᠶ᠎ᠠ ᠪᠠᠭᠰᠢ ᠲᠣᠭᠤᠷᠢᠭ ᠲᠤ ᠱᠧᠨ ᠨᠧᠩ ᠤᠮᠠᠷᠠᠲᠤ ᠶᠢᠨ ᠡᠨᠧᠷᠭᠢ ᠶᠢᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢ ᡁᠢ ᠦ᠋ ᠪᠣᠯᠣᠨ ᠪᠠᠷ᠎ᠠ ᠪᠣᠯᠣᠭᠰᠠᠳ ᠲᠠᠢ ᠶᠠᠷᠢᠯᠴᠠᠪᠠ᠃ ᠬᠤᠶᠠᠷ ᠲᠠᠯ᠎ᠠ ᠪᠠᠷ ᠢᠶᠠᠨ ᠰᠠᠯᠬᠢ ᠭᠡᠷᠡᠯ ᠢᠶᠠᠷ ᠤᠰᠤᠲᠥ᠋ᠷᠥᠭᠴᠢ ᠦᠢᠯᠡᠳᠴᠦ ᠨᠣᠭᠤᠭᠠᠨ ᠰᠢᠪᠲᠦᠷ ᠢ ᠨᠢᠭᠡ ᠴᠣᠭᠴᠠᠵᠢᠭᠤᠯᠤᠨ ᠨᠡᠶᠢᠯᠡᠭᠦᠯᠬᠦ ᠲᠦᠷᠦᠯ ᠵᠦᠢᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃      ᠭᠤᠤ ᠬᠤᠸᠠᠢ ᠵᠢᠩ᠂ ᠰᠣ᠋ ᡁᠢ ᠰᠢᠶᠦ᠋ᠡᠭ ᠯᠢ ᡁᠢ ᠦ᠋ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠ ᠱᠧᠨ ᠨᠸᠡᠭ ᠤᠮᠠᠷᠠᠲᠤ ᠶᠢᠨ ᠡᠨᠧᠷᠭᠢ ᠶᠢᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠤᠲᠤᠭ ᠬᠤᠰᠢᠭᠤᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠢᠳᠡᠪᠬᠢᠲᠡᠢ ᠣᠷᠣᠯᠴᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃      ᠭᠤᠸ ᠬᠤᠸᠠᠢ ᠵᠢᠩ ᠬᠡᠯᠡᠬᠦ ᠳᠡᠭᠡᠨ᠂ ᠱᠧᠨ ᠨᠸᠡᠭ ᠤᠮᠠᠷᠠᠲᠤ ᠶᠢᠨ ᠡᠨᠧᠷᠭᠢ ᠶᠢᠨ ᠺᠣᠮᠫᠠᠨᠢ ᠨᠢ ᠣᠲᠤᠭ ᠬᠤᠰᠢᠭᠤ ᠲᠠᠢ ᠭᠦᠨ ᠵᠤᠵᠠᠭᠠᠨ ᠬᠤᠪᠢ ᠪᠠᠷᠢᠯᠳᠤᠯᠭ᠎ᠠ ᠲᠠᠢ ᠶᠤᠮ᠃ ᠣᠳᠣᠬᠠᠨ ᠳᠤ᠂ ᠬᠤᠰᠢᠭᠤ ᠳᠠᠶᠠᠭᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠲᠣᠭᠤᠰᠢᠯᠠᠭᠤᠯᠤᠨ᠂ ᠬᠦᠴᠦᠨ ᠢᠶᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ︽ᠲᠤᠯᠤᠭᠠᠨ ᠵᠢᠯ︾ ᠤᠨ ᠬᠠᠷᠠᠯᠲᠠ ᠡᠭᠦᠷᠭᠡ ᠶᠢ ᠨᠢᠭᠡ ᠴᠣᠭᠴᠠᠵᠢᠭᠤᠯᠤᠨ ᠪᠣᠳᠠᠲᠠᠶᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠰᠠᠶᠢᠨ ᠪᠠᠶᠢᠳᠠᠯ ᠢᠯᠡᠷᠡᠪᠡ᠃ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠦᠨ᠂ ᠬᠠᠷᠢᠯᠴᠠᠨ ᠳᠡᠮᠵᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠨ ᠠᠬᠢᠭᠤᠯᠬᠤ ᠶᠢ ᠬᠦᠰᠡᠵᠦ ᠪᠠᠶᠢᠨ᠎ᠠ᠃ ᠣᠲᠤᠭ ᠬᠤᠰᠢᠭᠤ ᠥᠩᠭᠡᠷᠡᠭᠰᠡᠨ ᠲᠠᠢ ᠪᠠᠨ ᠠᠳᠠᠯᠢ ᠪᠠᠷ ᠱᠧᠨ ᠨᠸᠡᠭ ᠤᠮᠠᠷᠠᠲᠤ ᠶᠢᠨ ᠡᠨᠧᠷᠭᠢ ᠶᠢᠨ ᠺᠣᠮᠫᠠᠨᠢ ᠶᠢᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠬᠢᠭᠡᠳ ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ ᠭᠡᠪᠡ᠃      ᠰᠣ᠋ ᡁᠢ ᠰᠢᠶᠦ᠋ᠡᠭ ᠬᠡᠯᠡᠬᠦ ᠳᠡᠭᠡᠨ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠰᠠᠨ ᠰᠠᠯᠬᠢ ᠭᠡᠷᠡᠯ ᠢᠶᠠᠷ ᠤᠰᠤᠲᠥ᠋ᠷᠥᠭᠴᠢ ᠦᠢᠯᠡᠳᠴᠦ ᠨᠣᠭᠤᠭᠠᠨ ᠰᠢᠪᠲᠦᠷ ᠢ ᠨᠢᠭᠡ ᠴᠣᠭᠴᠠᠵᠢᠭᠤᠯᠤᠨ ᠨᠡᠶᠢᠯᠡᠭᠦᠯᠬᠦ ᠲᠦᠷᠦᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠰᠠᠯᠬᠢ ᠭᠡᠷᠡᠯ ᠢᠶᠠᠷ ᠤᠰᠤᠲᠥ᠋ᠷᠥᠭᠴᠢ ᠦᠢᠯᠡᠳᠬᠦ ᠵᠢᠱᠢᠶ᠎ᠡ ᠦᠵᠡᠭᠦᠯᠬᠦ ᠲᠦᠷᠦᠯ ᠵᠦᠢᠯ ᠪᠣᠯᠣᠨ᠎ᠠ᠂ ᠲᠦᠷᠦᠯ ᠵᠦᠢᠯ ᠢ ᠠᠰᠢᠭᠯᠠᠯᠲᠠ ᠳᠤ ᠣᠷᠣᠭᠤᠯᠴᠢᠬᠠᠪᠠᠯ ᠤᠲᠤᠭ ᠬᠤᠰᠢᠭᠤᠨ ᠤ ᠪᠣᠬᠢᠷᠲᠤᠯ ᠦᠭᠡᠢ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠳᠣᠣᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠬᠦᠴᠦ ᠨᠡᠮᠡᠷᠢᠯᠡᠬᠦ ᠪᠣᠯᠣᠨ᠎ᠠ᠃ ᠱᠧᠨ ᠨᠸᠡᠭ ᠤᠮᠠᠷᠠᠲᠤ ᠶᠢᠨ ᠺᠣᠮᠫᠠᠨᠢ ᠶᠢᠨ ᠬᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ ᠬᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠭᠦᠷᠭᠡᠯᠡᠯ ᠢᠶᠠᠨ ᠢᠯᠡᠷᠡᠭᠦᠯᠬᠦ ᠶᠢ ᠬᠦᠰᠡᠵᠦ ᠪᠠᠶᠢᠨ᠎ᠠ᠃ ᠤᠲᠤᠭ ᠬᠤᠰᠢᠭᠤ ᠱᠧᠨ ᠨᠸᠡᠭ ᠤᠮᠠᠷᠠᠲᠤ ᠶᠢᠨ ᠺᠣᠮᠫᠠᠨᠢ ᠳᠤ ᠰᠢᠯᠢᠳᠡᠭ ᠦᠢᠯᠡᠴᠢᠯᠡᠭᠡ ᠶᠢ ᠢᠳᠡᠪᠬᠢᠲᠡᠢ ᠬᠠᠩᠭᠠᠵᠤ᠂ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠦᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠪᠣᠯᠣᠨ ᠣᠷᠣᠨ ᠨᠤᠲᠤᠭ ᠤᠨ ᠬᠤᠯᠪᠤᠭᠠᠯᠠᠨ ᠬᠥᠭᠵᠢᠬᠦ᠂ ᠬᠠᠷᠢᠯᠴᠠᠨ ᠠᠰᠢᠭ ᠬᠦᠷᠳᠡᠬᠦ ᠰᠠᠶᠢᠨ ᠰᠠᠶᠢᠬᠠᠨ ᠪᠠᠶᠢᠷᠢᠰᠢᠯ ᠢ ᠬᠠᠮᠲᠤᠪᠠᠷ ᠪᠠᠶᠢᠭᠤᠯᠤᠨ᠎ᠠ ᠭᠡᠪᠡ᠃      ᠯᠢ ᡁᠢ ᠦ᠋ ᠤᠲᠤᠭ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠷᠳᠤ ᠬᠤᠭᠤᠴᠠᠭᠠᠨ ᠤ ᠲᠤᠷᠰᠢ ᠲᠦᠷᠦᠯ ᠵᠦᠢᠯ ᠢ ᠶᠡᠬᠡᠪᠡᠷ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠣᠷᠣᠨ ᠨᠤᠲᠤᠭ ᠯᠤᠭ᠎ᠠ ᠶᠢᠨ ᠬᠠᠮᠲᠤᠷᠠᠯᠴᠠᠭ᠎ᠠ ᠬᠢᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ  ᠯᠦᠭᠡ ᠶᠢᠨ ᠬᠠᠷᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠲᠦᠷᠦᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠠᠵᠤ ᠠᠬᠤᠶᠢᠯᠠᠯ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃      ᠬᠤᠰᠢᠭᠤᠨ ᠤ ᠤᠳᠤᠷᠢᠳᠤᠯᠭ᠎ᠠ ᠯᠢ ᡁᠢ ᠪᠢᠶᠣᠣ᠂ ᠭᠤᠸ ᡁᠢ ᠰᠠᠭᠤᠳᠠᠯ ᠤᠨ ᠬᠤᠷᠠᠯ ᠳᠤ ᠣᠷᠣᠯᠴᠠᠪᠠ᠃ 
ᠢᠷᠡᠯᠲᠡ᠄ ᠣᠲᠤᠭ ᠨᠡᠶᠢᠲᠡᠯᠡᠯ