1 ᠳ᠋ᠦ᠋ᠭᠡᠷ ᠰᠠᠷ᠎ᠠ ᠶᠢᠨ 9 ᠤ ᠡᠳᠦᠷ᠂ ᠲᠠᠪᠤᠳᠠᠭᠢ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ | ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ | ᠬᠦᠷᠴᠦ ᠨᠢᠭᠡᠳᠦᠭᠡᠷ ᠹᠷᠣᠨᠲ ᠤᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠶᠢᠨ ᠲᠥᠯᠥᠭᠡᠯᠡᠭᠴᠢ ᠴᠠᠩ ᠪᠥᠬᠡ᠂ ᠮᠧᠩ ᠵᠧᠨ | ᠯᠢᠨ᠂ ᠬᠥᠬᠡ ᠶᠢ ᠪᠣᠯᠭᠤᠭᠠᠨ ᠲᠣᠬᠤᠨᠢᠭᠤᠯᠤᠭᠰᠠᠨ ᠪᠥᠭᠡᠳ ᠲᠡᠳᠡᠨ ᠢᠶᠠᠷ ᠳᠠᠮᠵᠢᠭᠤᠯᠤᠨ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ | ᠴᠠᠭᠳᠠᠭ᠎ᠠ ᠲᠤᠰᠠᠯᠠᠬᠤ ᠴᠠᠭᠳᠠᠭ᠎ᠠ ᠳᠤ ᠴᠢᠩ ᠰᠡᠳᠬᠢᠯ ᠤᠨ ᠮᠡᠨᠳᠦᠴᠢᠯᠡᠯ ᠪᠠ ᠪᠠᠶᠠᠷ ᠤᠨ ᠡᠳᠦᠷ ᠤᠨ ᠵᠦᠩᠨᠡᠯ ᠢᠶᠠᠨ ᠳᠡᠪᠰᠢᠭᠦᠯᠪᠡ᠃ | ᠲᠣᠬᠤᠨᠢᠭᠤᠯᠬᠤ ᠶᠠᠪᠤᠴᠠ ᠳᠤ᠂ ᠭᠤᠤ ᠬᠤᠸᠠᠢ ᠵᠢᠩ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠶᠢᠨ ᠰᠢᠯᠢᠳᠡᠭ ᠲᠥᠯᠥᠭᠡᠯᠡᠭᠴᠢᠳ ᠲᠠᠢ ᠨᠢᠭᠡᠳ | ᠨᠢᠭᠡ ᠪᠠᠷ ᠭᠠᠷ ᠠᠳᠬᠤᠭᠰᠠᠨ ᠪᠥᠭᠡᠳ ᠲᠡᠳᠡᠨ ᠳᠤ ᠰᠣᠷᠭᠤᠭ ᠴᠡᠴᠡᠭ᠂ ᠲᠣᠬᠤᠨᠢᠭᠤᠯᠬᠤ ᠮᠥᠩᠭᠦ ᠪᠣᠯᠣᠨ ᠲᠣᠬᠤᠨᠢᠭᠤᠯᠬᠤ ᠵᠠᠬᠢᠳᠠᠯ ᠬᠦᠷᠭᠡᠨ᠂ ᠠᠷᠠᠳ ᠤᠨ | ᠴᠠᠭᠳᠠᠭ᠎ᠠ ᠲᠤᠰᠠᠯᠠᠬᠤ ᠴᠠᠭᠳᠠᠭ᠎ᠠ ᠶᠢᠨ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠳᠡᠨ ᠤ ᠠᠵᠢᠯ ᠤᠨ ᠳᠤᠮᠳᠠ ᠣᠯᠣᠭᠰᠠᠨ | ᠲᠣᠪᠣᠶᠢᠮ᠎ᠠ ᠠᠮᠵᠢᠯᠲᠠ ᠳᠤ ᠪᠠᠶᠠᠷ ᠬᠦᠷᠭᠡᠪᠡ᠃ | ᠭᠤᠸ ᠬᠤᠸᠠᠢ ᠵᠢᠩ ᠬᠡᠯᠡᠬᠦ ᠳᠡᠭᠡᠨ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠪᠣᠯ ᠮᠠᠨ ᠤ | ᠬᠤᠲᠠ ᠶᠢᠨ ᠰᠠᠬᠢᠨ ᠬᠠᠮᠠᠭᠠᠯᠠᠭᠴᠢ ᠮᠥᠨ᠂ ᠰᠢᠨ᠎ᠡ ᠴᠠᠭ ᠦᠶ᠎ᠡ ᠶᠢᠨ ᠬᠠᠮᠤᠭ ᠤᠨ ᠬᠠᠶᠢᠷᠠᠲᠠᠢ ᠬᠥᠮᠥᠨ ᠮᠥᠨ᠃ ᠥᠩᠭᠡᠷᠡᠭᠰᠡᠨ ᠨᠢᠭᠡ ᠵᠢᠯ ᠳᠤ᠂ ᠪᠥᠬᠦ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠣᠨ ᠥᠷᠭᠡᠨ ᠣᠯᠠᠨ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠬᠠᠷᠢᠭᠤᠴᠠᠯᠭ᠎ᠠ ᠪᠠᠨ | ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ᠂ | ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠬᠦ ᠵᠢᠴᠢ ᠨᠢᠭᠤᠴᠠ ᠹᠷᠣᠨᠲ ᠲᠤ ᠣᠷᠣᠯᠴᠠᠬᠤ ᠵᠡᠷᠭᠡ ᠬᠦᠷᠢᠶᠡᠨ ᠳᠤ ᠶᠡᠭᠡ ᠬᠡᠮᠵᠢᠶᠡᠨ ᠤ | ᠪᠦᠲᠦᠮᠵᠢᠲᠡᠶ ᠠᠵᠢᠯ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠤᠨ ᠳᠣᠲᠣᠭᠠᠳᠤ ᠶᠢ ᠬᠠᠮᠠᠭᠠᠯᠠᠬᠤ ᠴᠠᠭᠳᠠᠭ᠎ᠠ ᠨᠢ ᠠᠷᠠᠳ ᠤᠨ ᠲᠥᠯᠥᠭᠡ︾ ᠭᠡᠬᠦ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠪᠡ᠃ ᠡᠨᠡ ᠬᠤᠭᠤᠴᠠᠭᠠᠨ ᠳᠤ᠂ ᠨᠢᠭᠡ ᠪᠦᠯᠦᠭ ᠲᠡᠷᠢᠭᠦᠨ ᠤ ᠨᠡᠶᠢᠲᠡᠯᠢᠭ ᠵᠢᠱᠢᠶ᠎ᠡ ᠴᠣᠯᠭᠤᠷᠠᠨ ᠭᠠᠷᠴᠤ᠂ ᠰᠠᠶᠢᠨ ᠰᠠᠶᠢᠬᠠᠨ | ᠳᠦᠷᠢ ᠲᠥᠷᠬᠦ ᠶᠢ ᠪᠤᠢ ᠪᠣᠯᠭᠠᠪᠠ᠃ ᠰᠢᠨ᠎ᠡ ᠨᠢᠭᠡ ᠵᠢᠯ ᠳᠤ᠂ ᠤᠯᠠᠨ ᠢᠶᠠᠷ ᠢᠶᠠᠨ ᠡᠷᠡᠯᠬᠡᠭᠯᠡᠨ ᠲᠡᠮᠡᠴᠡᠬᠦ᠂ ᠬᠦᠴᠢᠷ ᠢ ᠲᠤᠭᠤᠯᠤᠨ ᠪᠡᠷᠬᠡ ᠶᠢ ᠢᠯᠠᠨ ᠳᠠᠪᠠᠭ᠋ᠤ | ᠬᠠᠲᠠᠭᠤ ᠴᠢᠩᠭ᠎ᠠ ᠰᠤᠷᠲᠠᠯ ᠢ ᠦᠷᠭᠦᠯᠵᠢᠯᠡᠨ ᠪᠠᠳᠠᠷᠠᠭᠤᠯᠵᠤ᠂ ᠢᠮᠠᠭᠲᠠ ᠨᠠᠮ ᠳᠠᠭᠠᠨ ᠦᠨᠡᠨᠴᠢ ᠬᠠᠨᠳᠤᠨ᠂ ᠠᠷᠠᠳ ᠲᠦᠮᠡᠨ ᠳᠤ ᠦᠢᠯᠡᠴᠢᠯᠡᠵᠦ᠂ ᠲᠥᠪ | ᠭᠤᠣᠯᠴᠢ ᠪᠠᠷ ᠬᠠᠤᠯᠢ ᠬᠡᠷᠡᠭᠵᠢᠭᠦᠯᠦᠨ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ | ᠬᠦᠴᠦᠨ ᠢᠶᠠᠷ ᠢᠶᠠᠨ ᠬᠠᠮᠠᠭᠠᠯᠠᠨ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠣᠯᠣᠨ ᠬᠦᠷᠲᠡᠮᠵᠢ ᠶᠢᠨ ᠲᠥᠷᠥᠭᠳᠡᠯ ᠢ | ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠣᠲᠣᠭᠠᠳᠤ ᠶᠢ ᠬᠠᠮᠠᠭᠠᠯᠠᠬᠤ ᠠᠵᠢᠯ ᠢ | ᠥᠩᠭᠡᠷᠡᠭᠰᠡᠨ ᠲᠠᠢ ᠪᠠᠨ ᠠᠳᠠᠯᠢ ᠪᠠᠷ ᠴᠢᠬᠤᠯᠠᠴᠢᠯᠠᠨ ᠦᠵᠡᠵᠦ᠂ ᠳᠡᠮᠵᠢᠨ ᠪᠠᠲᠤᠯᠠᠬᠤ ᠡᠷᠴᠢᠮ ᠢᠶᠠᠨ ᠴᠢᠩᠭᠠᠷᠠᠭᠤᠯᠤᠨ᠂ ᠳᠣᠲᠣᠭᠠᠳᠤ ᠶᠢ ᠬᠠᠮᠠᠭᠠᠯᠠᠬᠤ ᠠᠵᠢᠯ ᠳᠤ | ᠲᠤᠯᠭᠠᠷᠠᠵᠤ ᠪᠠᠶᠢᠭ᠎ᠠ ᠪᠣᠳᠠᠲᠠᠢ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠶᠣᠰᠣᠭᠠᠷ ᠡᠭᠦᠷᠭᠡ | ᠲᠤᠰᠢᠶᠠᠯ ᠢᠶᠠᠨ ᠭᠦᠢᠴᠡᠳᠬᠡᠬᠦ ᠳᠤ ᠰᠢᠯᠢᠳᠡᠭ ᠨᠥᠬᠦᠴᠡᠯ ᠪᠦᠷᠢᠯᠳᠦᠭᠦᠯᠦᠨ᠂ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢᠨ ᠠᠵᠢᠯ ᠬᠢᠵᠦ | ᠦᠢᠯᠡᠰ ᠪᠦᠲᠦᠭᠡᠬᠦ ᠡᠷᠴᠢ ᠵᠣᠷᠢᠭ ᠢ ᠭᠦᠢᠴᠡᠳ ᠬᠥᠭᠵᠢᠭᠡᠨ᠎ᠡ ᠭᠡᠪᠡ᠃ | ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠰᠢᠶᠧ ᠢᠦᠢ᠂ ᠬᠤᠰᠢᠭᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠹᠦ᠋ ᠯᠦᠩ ᠣᠷᠣᠯᠴᠠᠪᠠ᠃ | | | |