ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠭᠤᠸ ᠬᠤᠸᠠᠢ ᠵᠢᠩ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/1/13
      1 ᠳ᠋ᠦ᠋ᠭᠡᠷ ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠬᠤᠷᠠᠯ ᠡᠷᠭᠢᠯᠡᠪᠡ᠃      ᠬᠤᠷᠠᠯ ᠠᠴᠠ 1 ᠳ᠋ᠦ᠋ᠭᠡᠷ ᠰᠠᠷ᠎ᠠ ᠶᠢᠨ 9 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠵᠦ᠂ ᠲᠠᠶᠢᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ ᠢ ᠳᠠᠶᠢᠴᠢᠯᠠᠨ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠬᠤᠰᠢᠭᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠪᠣᠯᠣᠨ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠰᠢᠭᠤᠨ ᠤ ︽ᠬᠤᠶᠠᠷ ᠬᠤᠷᠠᠯ︾ ᠳᠤ ᠳᠡᠪᠰᠢᠭᠦᠯᠵᠦ ᠬᠢᠨᠠᠨ ᠵᠥᠪᠯᠡᠭᠦᠯᠬᠦ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠰᠤᠳᠤᠯᠤᠭᠰᠠᠨ ᠪᠥᠭᠡᠳ ︽ᠬᠤᠶᠠᠷ ᠬᠤᠷᠠᠯ︾ ᠢ ᠰᠠᠶᠢᠲᠤᠷ ᠬᠤᠷᠠᠯᠳᠤᠭᠤᠯᠬᠤ ᠲᠤᠬᠠᠢ ᠱᠠᠭᠠᠷᠳᠠᠯᠭ᠎ᠠ ᠳᠤᠷᠠᠳᠪᠠ᠃      ᠬᠤᠷᠠᠯ ᠠᠴᠠ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ᠂ ᠢᠯᠵᠠᠷᠠᠯ ᠢ ᠬᠠᠮᠲᠤ ᠳᠤᠨᠢ ᠪᠠᠶᠢᠴᠠᠭᠠᠵᠤ ᠬᠠᠮᠲᠤ  ᠳᠤᠨᠢ ᠵᠠᠰᠠᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠠᠯ᠎ᠠ ᠪᠠᠷ ᠪᠣᠳᠠᠲᠠᠢ ᠶᠢ ᠡᠷᠬᠢᠮᠯᠡᠨ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ