ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 15 ᠤ ᠴᠠᠭᠢᠯᠭᠠᠨ ᠮᠡᠳᠡᠭᠡ 1 ᠰᠠᠷ᠎ᠠ ᠶᠢᠨ 16 ᠤ ᠡᠳᠦᠷ ᠬᠡᠪᠯᠡᠭᠳᠡᠬᠦ 2 ᠳ᠋ᠤᠭᠠᠷ | ᠬᠤᠭᠤᠴᠠᠭᠠᠨ ᠤ ︽ᠦᠨᠡᠨ︾ ᠰᠡᠳᠬᠦᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠣᠬᠢᠶᠠᠯ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠᠬᠢ ᠬᠡᠳᠦᠨ ᠴᠢᠬᠤᠯᠠ ᠶᠡᠭᠡ ᠣᠨᠣᠯ ᠪᠠ ᠦᠢᠯᠡᠳᠦᠯᠭᠡ ᠶᠢᠨ ᠠᠰᠠᠭᠤᠳᠠᠯ︾ ᠢ ᠨᠡᠶᠢᠲᠡᠯᠡᠪᠡ᠃ | ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠰᠢᠨ᠎ᠡ ᠴᠠᠭ ᠦᠶ᠎ᠡ ᠳᠤ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢ ᠰᠢᠰᠲ᠋ᠧᠮ ᠲᠠᠢ ᠪᠦᠬᠦᠯᠢ ᠴᠣᠭᠴᠠ ᠪᠠᠷ ᠠᠬᠢᠭᠤᠯᠬᠤ ᠰᠢᠨ᠎ᠡ ᠠᠶᠠᠨ ᠢ | ᠡᠬᠢᠯᠡᠭᠦᠯᠵᠦ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠴᠣ ᠰᠢᠨ᠎ᠡ ᠪᠠᠶᠢᠳᠠᠯ ᠢ ᠨᠡᠭᠡᠭᠡᠭᠰᠡᠨ ᠨᠢ ᠴᠠᠭ ᠦᠶ᠎ᠡ ᠶᠢ ᠵᠠᠭᠠᠭᠯᠠᠭᠰᠠᠨ ᠠᠴᠢ | ᠬᠤᠯᠪᠣᠭᠳᠠᠯ ᠲᠠᠢ ᠶᠤᠮ᠃ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠠᠵᠢᠯ ᠴᠢᠬᠤᠯᠠ ᠶᠡᠭᠡ ᠦᠢᠯᠡᠳᠦᠯᠭᠡ ᠶᠢᠨ ᠦᠷ᠎ᠡ | ᠪᠦᠲᠦᠭᠡᠯ᠂ ᠳᠦᠷᠢᠮ ᠤᠨ ᠦᠷ᠎ᠡ ᠪᠦᠲᠦᠭᠡᠯ᠂ ᠤᠨᠤᠯ ᠤᠨ ᠦᠷ᠎ᠡ ᠪᠦᠲᠦᠭᠡᠯ ᠣᠯᠪᠠ᠂ ᠡᠨᠡ ᠪᠣᠯ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠲᠡᠦᠬᠡᠨ | ᠶᠠᠪᠤᠴᠠ ᠳᠠᠬᠢ ᠬᠠᠮᠤᠭ ᠤᠨ ᠢᠷᠠᠭᠤ ᠭᠠᠶᠢᠬᠠᠮᠰᠢᠭᠲᠤ ᠬᠠᠭᠤᠳᠠᠰᠤ ᠶᠢᠨ ᠨᠢᠭᠡ ᠪᠣᠯᠣᠨ᠎ᠠ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ᠂ ︽ᠬᠤᠶᠠᠷ ᠶᠡᠭᠡ | ᠭᠠᠶᠢᠬᠠᠮᠰᠢᠭ︾ ᠢ ᠦᠷᠭᠦᠯᠵᠢᠯᠡᠨ ᠪᠢᠴᠢᠭᠯᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠳᠦᠷᠢᠮ ᠤᠨ ᠪᠠᠲᠤᠯᠠᠭ᠎ᠠ ᠬᠠᠩᠭᠠᠭᠰᠠᠨ ᠪᠥᠭᠡᠳ ᠰᠢᠨ᠎ᠡ ᠠᠶᠠᠨ ᠳᠤ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠪᠠᠲᠤ ᠪᠠᠬᠢ ᠰᠠᠭᠤᠷᠢ ᠪᠠ ᠡᠷᠬᠢᠮ ᠨᠠᠨᠳᠢᠨ ᠲᠤᠷᠰᠢᠯᠭ᠎ᠠ ᠬᠠᠩᠭᠠᠵᠠᠢ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠪᠣᠯ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ | ᠪᠠᠲᠤ ᠡᠵᠡᠮᠳᠡᠵᠦ᠂ ᠢᠮᠠᠭᠲᠠ ᠪᠠᠷᠢᠮᠲᠠᠯᠠᠬᠤ ᠴᠢᠬᠤᠯᠠ ᠶᠡᠭᠡ ᠵᠠᠷᠴᠢᠮ ᠮᠥᠨ᠃ ᠲᠥᠪ ᠶᠣᠰᠣ ᠶᠢ ᠪᠠᠷᠢᠮᠲᠠᠯᠠᠬᠤ ᠪᠠ ᠰᠢᠨ᠎ᠡ ᠶᠢ ᠡᠭᠦᠳᠬᠦ ᠬᠤᠪᠢᠰᠤᠩᠭᠤᠢ | ᠨᠢᠭᠡᠳᠦᠯᠲᠡᠢ᠂ ᠭᠠᠭᠴᠠ ᠬᠦ ᠲᠥᠪ ᠶᠣᠰᠣ ᠶᠢ ᠪᠠᠷᠢᠮᠲᠠᠯᠠᠪᠠᠯ ᠰᠠᠶ᠋ᠢ ᠰᠢᠨ᠎ᠡ ᠶᠢ ᠡᠭᠦᠳᠬᠦ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠵᠤ ᠴᠢᠳᠠᠨ᠎ᠠ᠂ | ᠭᠠᠭᠴᠠ ᠬᠦ ᠦᠷᠭᠦᠯᠵᠢᠯᠡᠨ ᠰᠢᠨ᠎ᠡ ᠶᠢ ᠡᠭᠦᠳᠪᠡᠯ ᠰᠠᠶ᠋ᠢ ᠲᠥᠪ ᠶᠣᠰᠣ ᠶᠢ ᠨᠡᠩ ᠰᠠᠶᠢᠲᠤᠷ ᠪᠠᠷᠢᠮᠲᠠᠯᠠᠵᠤ ᠴᠢᠳᠠᠨ᠎ᠠ᠃ ᠮᠠᠨ ᠤ ᠬᠢᠵᠦ ᠪᠠᠶᠢᠭ᠎ᠠ ᠥᠭᠡᠷᠡᠴᠢᠯᠡᠯᠲᠡ ᠪᠣᠯ | ᠴᠢᠭᠯᠡᠯ ᠲᠠᠢ᠂ ᠵᠠᠷᠴᠢᠮ ᠲᠠᠢ ᠶᠤᠮ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠮᠠᠷᠺᠰ ᠤᠨ ᠦᠵᠡᠯ ᠢ ᠪᠠᠷᠢᠮᠲᠠᠯᠠᠵᠤ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠵᠤ᠂ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠢ ᠪᠠᠷᠢᠮᠲᠠᠯᠠᠵᠤ᠂ ᠨᠡᠶᠢᠭᠡᠮ ᠤᠨ ᠲᠥᠪ | ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠠᠷ ᠵᠣᠷᠢᠯᠲᠠ ᠪᠠ ᠲᠤᠰᠤᠯᠲᠠ ᠪᠣᠯᠭᠠᠨ᠎ᠠ᠂ ᠡᠳᠡᠭᠡᠷ ᠪᠣᠯ ᠴᠥᠮ | ᠦᠨᠳᠦᠰᠦᠨ ᠵᠦᠢᠯ ᠳᠤ ᠬᠤᠯᠪᠣᠭᠳᠠᠬᠤ᠂ ᠴᠢᠭᠯᠡᠯ ᠳᠤ ᠬᠤᠯᠪᠣᠭᠳᠠᠬᠤ᠂ ᠠᠯᠤᠰ ᠢᠷᠡᠭᠡᠳᠦᠢ ᠳᠤ ᠬᠤᠯᠪᠣᠭᠳᠠᠬᠤ ᠵᠦᠢᠯ ᠮᠥᠨ᠂ ᠨᠠᠮ ᠤᠨ ᠰᠢᠨᠵᠢ ᠴᠢᠨᠠᠷ ᠪᠠ | ᠵᠣᠷᠢᠯᠲᠠ ᠶᠢ ᠢᠯᠡᠷᠡᠭᠦᠯᠵᠦ᠂ ᠮᠠᠨ ᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠵᠦ᠂ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠨ᠎ᠡ᠂ | ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠤ ᠴᠤ ᠤᠬᠳᠤ ᠭᠤᠶᠢᠪᠢᠯᠵᠠᠭᠤᠯᠵᠤ ᠪᠤᠯᠬᠤ ᠦᠭᠡᠢ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠬᠦ᠂ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ | ᠥᠭᠡᠷᠡᠴᠢᠯᠡᠯᠲᠡ ᠶᠢᠨ ᠶᠡᠷᠦᠩᠬᠡᠢ ᠬᠠᠷᠠᠯᠲᠠ ᠶᠢ ᠪᠠᠷᠢᠮᠲᠠᠯᠠᠵᠤ᠂ ᠢᠮᠠᠭᠲᠠ ᠶᠡᠷᠦᠩᠬᠡᠢ ᠬᠠᠷᠠᠯᠲᠠ ᠶᠢᠨ ᠵᠢᠭᠠᠭᠰᠠᠨ ᠴᠢᠭᠯᠡᠯ ᠢᠶᠠᠷ ᠤᠷᠤᠭᠰᠢᠯᠠᠵᠤ᠂ ᠥᠭᠡᠷᠡᠴᠢᠯᠡᠬᠦ | ᠶᠣᠰᠣᠲᠠᠢ ᠶᠢ ᠨᠢ ᠡᠷᠡᠰ ᠥᠭᠡᠷᠡᠴᠢᠯᠡᠵᠦ᠂ ᠥᠭᠡᠷᠡᠴᠢᠯᠡᠪᠡᠯ ᠵᠣᠬᠢᠰ ᠦᠭᠡᠢ ᠶᠢ ᠨᠢ ᠥᠭᠡᠷᠡᠴᠢᠯᠡᠬᠦ ᠦᠭᠡᠢ ᠪᠠᠶᠢᠬᠤ ᠬᠡᠷᠡᠭᠲᠡᠢ᠃ ᠴᠤᠴᠠᠯᠲᠠ ᠦᠭᠡᠢ ᠤᠷᠤᠭᠰᠢᠯᠠᠬᠤ | ᠰᠥᠰᠥ ᠵᠣᠷᠢᠭ ᠪᠠ ᠣᠮᠤᠭ ᠵᠣᠷᠢᠭ ᠢᠶᠠᠷ ᠤᠨᠤᠯ ᠤᠨ ᠰᠢᠨ᠎ᠡ ᠶᠢ ᠡᠭᠦᠳᠬᠦ᠂ ᠦᠢᠯᠡᠳᠦᠯᠭᠡ ᠶᠢᠨ ᠰᠢᠨ᠎ᠡ ᠶᠢ ᠡᠭᠦᠳᠬᠦ᠂ ᠪᠠᠶᠢᠭᠤᠯᠤᠯ ᠤᠨ ᠰᠢᠨ᠎ᠡ ᠶᠢ ᠡᠭᠦᠳᠬᠦ᠂ | ᠰᠣᠶᠣᠯ ᠤᠨ ᠰᠢᠨ᠎ᠡ ᠶᠢ ᠡᠭᠦᠳᠬᠦ ᠵᠢᠴᠢ ᠪᠤᠰᠤᠳ ᠡᠯ᠎ᠡ ᠲᠠᠯ᠎ᠠ ᠶᠢᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠪᠠᠶᠢᠭᠤᠯᠤᠯ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠠᠵᠤ ᠠᠬᠤᠢ ᠶᠢᠨ ᠪᠠᠶᠢᠭᠤᠯᠤᠯ ᠤᠨ | ᠥᠭᠡᠷᠡᠴᠢᠯᠡᠯᠲᠡ ᠡᠨᠡ ᠬᠦ ᠭᠤᠣᠯᠳᠠᠯᠭ᠎ᠠ ᠶᠢ ᠲᠤᠪᠤᠶᠢᠯᠭᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ | ᠪᠠᠷᠢᠮᠲᠠᠯᠠᠵᠤ᠂ ︽ᠬᠤᠶᠠᠷ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠨ ᠬᠦᠯᠢᠶᠡᠰᠦᠯᠡᠵᠦ ᠪᠠᠶᠢᠭ᠎ᠠ | ᠪᠠᠶᠢᠭᠤᠯᠤᠯ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠨᠥᠯᠥᠭᠡᠯᠡᠨ ᠬᠦᠯᠢᠶᠡᠰᠦᠯᠡᠵᠦ ᠪᠠᠶᠢᠭ᠎ᠠ ᠰᠠᠭᠠᠳ | ᠲᠦᠭᠵᠢᠷᠡᠯ ᠢ ᠡᠷᠡᠰ ᠠᠷᠢᠯᠭᠠᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠭᠤᠯᠬᠤᠨ ᠲᠤᠶᠢᠯ ᠤᠨ ᠪᠠᠶᠠᠯᠢᠭ᠂ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠨᠢ ᠴᠦ ᠵᠠᠶᠢᠯᠠᠰᠢ ᠦᠭᠡᠢ ᠪᠦᠭᠦ ᠲᠠᠯ᠎ᠠ ᠶᠢᠨ ᠶᠤᠮ᠃ | ᠡᠯ᠎ᠡ ᠲᠠᠯ᠎ᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠵᠣᠬᠢᠴᠠᠭᠤᠯᠤᠨ ᠠᠬᠢᠭᠤᠯᠵᠤ᠂ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠪᠦᠷᠢᠯᠳᠦᠭᠦᠯᠬᠦ ᠪᠠᠷ | ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠢᠨᠵᠢᠯᠡᠬᠦ ᠤᠬᠠᠭᠠᠨᠴᠢ ᠠᠷᠭ᠎ᠠ ᠪᠠᠷ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ᠥᠭᠡᠷᠡᠴᠢᠯᠡᠯᠲᠡ ᠪᠣᠯ | ᠰᠢᠰᠲ᠋ᠧᠮᠲᠦ ᠢᠨᠵᠧᠨᠧᠷᠢᠩ ᠮᠥᠨ᠂ ᠡᠯ᠎ᠡ ᠲᠠᠯ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠴᠢᠬᠤᠯᠠᠲᠠᠢ᠂ ᠰᠢᠨᠵᠢᠯᠡᠬᠦ ᠤᠬᠠᠭᠠᠨᠴᠢ ᠠᠷᠭ᠎ᠠ ᠶᠢ ᠡᠷᠭᠢᠮᠯᠡᠭᠦ | ᠴᠢᠬᠤᠯᠠᠲᠠᠢ ᠶᠤᠮ᠃ ᠨᠢᠭᠡ ᠳᠤ᠂ ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠶᠢ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ᠃ ᠬᠠᠤᠯᠢ ᠪᠠᠷ ᠵᠠᠰᠠᠬᠤ ᠬᠦᠷᠢᠶᠡᠨ ᠳᠠᠬᠢ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠤᠯᠢ ᠪᠠᠷ ᠵᠠᠰᠠᠬᠤ ᠦᠢᠯᠡᠳᠦᠯ ᠤᠨ ᠣᠷᠣᠨ ᠵᠠᠢ ᠶᠢ ᠤᠯᠠᠮ ᠨᠢᠭᠡ ᠠᠯᠬᠤᠮ ᠥᠷᠭᠡᠳᠬᠡᠵᠦ᠂ | ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠴᠢᠳᠠᠮᠠᠭᠠᠢ ᠬᠡᠷᠡᠭᠯᠡᠨ ᠥᠭᠡᠷᠡᠴᠢᠯᠡᠯᠲᠡ ᠶᠢ ᠠᠬᠢᠭᠤᠯᠵᠤ᠂ ᠬᠠᠤᠯᠢ ᠴᠠᠭᠠᠵᠠ ᠶᠢᠨ | ᠡᠮᠦᠨ᠎ᠡ ᠬᠥᠮᠥᠨ ᠪᠦᠭᠦᠨ ᠡᠷᠬᠡ ᠲᠡᠭᠰᠢ ᠪᠠᠶᠢᠬᠤ ᠶᠢ ᠪᠠᠷᠢᠮᠲᠠᠯᠠᠬᠤ ᠬᠡᠷᠡᠭᠲᠡᠢ᠃ ᠬᠤᠶᠠᠷ ᠲᠤ᠂ ᠬᠠᠭᠤᠴᠢᠨ ᠢ ᠡᠪᠳᠡᠬᠦ ᠪᠠ ᠰᠢᠨ᠎ᠡ ᠶᠢ ᠪᠠᠶᠢᠭᠤᠯᠬᠤ ᠶᠢᠨ | ᠬᠤᠪᠢᠰᠤᠩᠭᠤᠢ ᠨᠢᠭᠡᠳᠦᠯ ᠢ ᠪᠠᠷᠢᠮᠲᠠᠯᠠᠬᠤ ᠬᠡᠷᠡᠭᠲᠡᠢ᠃ ᠥᠭᠡᠷᠡᠴᠢᠯᠡᠯᠲᠡ ᠪᠣᠯ ᠬᠠᠭᠤᠴᠢᠨ ᠢ ᠡᠪᠳᠡᠵᠦ ᠰᠢᠨ᠎ᠡ ᠶᠢ ᠪᠠᠶᠢᠭᠤᠯᠬᠤ ᠶᠠᠪᠤᠴᠠ ᠮᠥᠨ᠂ ᠬᠠᠭᠤᠴᠢᠨ ᠢ | ᠡᠪᠳᠡᠬᠦ ᠪᠣᠯ ᠠᠷᠭ᠎ᠠ ᠪᠠᠷᠢᠯ ᠮᠥᠨ᠂ ᠰᠢᠨ᠎ᠡ ᠶᠢ ᠪᠠᠶᠢᠭᠤᠯᠬᠤ ᠪᠣᠯ ᠵᠣᠷᠢᠯᠭ᠎ᠠ ᠮᠥᠨ᠃ ᠳᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠤᠯᠭᠠᠬᠤ ᠶᠢ | ᠪᠠᠷᠢᠮᠲᠠᠯᠠᠵᠤ᠂ ᠬᠠᠭᠤᠴᠢᠨ ᠢ ᠡᠪᠳᠡᠬᠦ ᠪᠠ ᠰᠢᠨ᠎ᠡ ᠶᠢ ᠪᠠᠶᠢᠭᠤᠯᠬᠤ ᠶᠢ ᠵᠡᠷᠭᠡ ᠪᠠᠷ ᠠᠳᠬᠤᠬᠤ᠂ ᠤᠷᠢᠳ ᠢᠶᠠᠷ ᠰᠢᠨ᠎ᠡ ᠶᠢ ᠪᠠᠶᠢᠭᠤᠯᠵᠤ ᠲᠠᠷᠠᠭ᠎ᠠ ᠨᠢ ᠬᠠᠭᠤᠴᠢᠨ ᠢ | ᠡᠪᠳᠡᠬᠦ ᠶᠢ ᠨᠡᠩ ᠲᠤᠪᠤᠶᠢᠯᠭᠠᠵᠤ᠂ ᠬᠠᠭᠤᠴᠢᠨ ᠢ ᠡᠪᠳᠡᠬᠦ ᠪᠠ ᠰᠢᠨ᠎ᠡ ᠶᠢ ᠪᠠᠶᠢᠭᠤᠯᠬᠤ ᠶᠢ ᠨᠢᠭᠡᠳᠬᠡᠬᠦ ᠳᠤᠮᠳᠠ ᠥᠭᠡᠷᠡᠴᠢᠯᠡᠯᠲᠡ ᠶᠢ ᠲᠦᠷᠭᠡᠨ ᠪᠥᠭᠡᠳ ᠯᠠᠪᠳᠠᠭᠤᠨ | ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠥᠭᠡᠷᠡᠴᠢᠯᠡᠯᠲᠡ ᠪᠠ ᠨᠡᠭᠡᠭᠡᠯᠲᠡ ᠶᠢ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ᠃ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ | ᠯᠠᠪᠳᠠᠭᠤᠨ ᠢᠶᠠᠷ ᠥᠷᠭᠡᠳᠬᠡᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃ | ᠳᠥᠷᠪᠡ ᠳᠤ᠂ ᠪᠠᠶᠢᠷᠢᠯᠠᠭᠤᠯᠬᠤ ᠪᠠ ᠨᠠᠶᠢᠳᠠᠪᠤᠷᠢᠵᠢᠭᠤᠯᠬᠤ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠥᠭᠡᠷᠡᠴᠢᠯᠡᠯᠲᠡ ᠶᠢᠨ ᠲᠥᠰᠥᠯ ᠢ ᠵᠢᠷᠤᠵᠤ | ᠲᠥᠯᠥᠪᠯᠡᠬᠦ ᠳᠡᠭᠡᠨ ᠡᠷᠬᠡᠪᠰᠢ ᠪᠤᠰᠤᠳᠴᠢ ᠵᠢᠮ᠎ᠡ ᠶᠣᠰᠣ ᠶᠢ ᠡᠵᠡᠮᠳᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠢᠵᠢ | ᠪᠦᠷᠢᠳᠦᠭᠦᠯᠬᠦ ᠶᠢ ᠴᠢᠬᠤᠯᠠᠴᠢᠯᠠᠵᠤ᠂ ᠥᠭᠡᠷᠡᠴᠢᠯᠡᠯᠲᠡ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠨᠡᠮᠡᠭᠳᠡᠭᠦᠯᠬᠦ ᠬᠡᠷᠡᠭᠲᠡᠢ᠃ ᠬᠠᠷᠢᠭᠤᠴᠠᠯᠭ᠎ᠠ ᠲᠣᠳᠣᠷᠬᠠᠢ᠂ | ᠬᠡᠯᠬᠢᠶ᠎ᠡ ᠪᠦᠷᠢᠨ᠂ ᠭᠤᠭᠴᠤᠭ᠎ᠠ ᠪᠦᠷᠢ ᠨᠢᠭᠡᠳᠦᠨ ᠤᠶᠠᠯᠳᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠢᠴᠢᠭ ᠮᠠᠲ᠋ᠧᠷᠢᠶᠠᠯ ᠲᠣᠭᠲᠠᠭᠠᠬᠤ ᠶᠢ | ᠴᠢᠬᠤᠯᠠᠴᠢᠯᠠᠬᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠬᠥᠩᠭᠡᠪᠴᠢᠯᠡᠬᠦ ᠵᠡᠷᠭᠡ ᠦᠵᠡᠭᠳᠡᠯ ᠢ ᠰᠡᠷᠭᠡᠶᠢᠯᠡᠨ ᠬᠤᠷᠢᠭᠯᠠᠵᠤ᠂ ︽ᠶᠠᠮᠠᠷ ᠴᠤ ᠦᠷ᠎ᠡ ᠪᠦᠲᠦᠮᠵᠢ | ᠦᠭᠡᠢ ᠳᠠᠭᠢᠨ ᠳᠠᠪᠲᠠᠨ ᠬᠢᠬᠦ︾ ᠪᠠᠶᠢᠳᠠᠯ ᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠵᠡᠷᠭᠡ ᠶᠢᠨ ᠺᠠᠳ᠋ᠷ ᠬᠦᠴᠢᠷ ᠢ | ᠲᠤᠭᠤᠯᠤᠨ ᠪᠡᠷᠬᠡ ᠶᠢ ᠳᠠᠪᠠᠭ᠋ᠤ᠂ ᠬᠦᠴᠢᠷ ᠢ ᠰᠥᠷᠦᠨ ᠤᠷᠤᠭᠰᠢᠯᠠᠬᠤ ᠤᠯᠤᠰ ᠲᠦᠷᠦ ᠶᠢᠨ ᠰᠥᠰᠥ ᠵᠣᠷᠢᠭ ᠢᠶᠠᠷ᠂ ᠵᠥᠷᠢᠴᠡᠯ ᠪᠠ ᠠᠰᠠᠭᠤᠳᠠᠯ ᠳᠤ ᠰᠢᠭᠤᠳ | ᠬᠠᠨᠳᠤᠵᠤ᠂ ᠠᠷᠬᠠᠭ ᠭᠡᠮ ᠢ ᠢᠳᠡᠪᠬᠢᠲᠡᠢ ᠠᠷᠢᠯᠭᠠᠵᠤ᠂ ᠠᠶᠤᠯ ᠲᠦᠭᠰᠢᠭᠦᠷᠢ ᠥᠷᠢᠰᠦᠯᠳᠦᠭᠡᠨ ᠢ ᠵᠣᠷᠢᠭᠲᠠᠢ ᠠᠷᠭᠠᠴᠠᠭᠠᠵᠤ᠂ ᠥᠭᠡᠷᠡᠴᠢᠯᠡᠯᠲᠡ ᠬᠥᠭᠵᠢᠯᠲᠡ ᠶᠢᠨ | ᠰᠢᠨ᠎ᠡ ᠣᠷᠣᠨ ᠵᠠᠢ ᠶᠢ ᠴᠢᠷᠮᠠᠶᠢᠨ ᠨᠡᠭᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ | ᠬᠡᠷᠡᠭᠲᠡᠢ᠃ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠢᠳᠡᠪᠬᠢ ᠬᠦᠴᠦᠨ ᠵᠦᠢᠯ ᠪᠦᠭᠦᠨ ᠢ ᠭᠦᠢᠴᠡᠳ ᠳᠠᠶᠢᠴᠢᠯᠠᠬᠤ ᠨᠢ ᠥᠭᠡᠷᠡᠴᠢᠯᠡᠯᠲᠡ ᠶᠢ | ᠤᠷᠤᠭᠰᠢᠲᠠᠢ ᠠᠬᠢᠭᠤᠯᠬᠤ ᠳᠤ ᠲᠤᠶᠢᠯ ᠤᠨ ᠴᠢᠬᠤᠯᠠ ᠶᠤᠮ᠃ ᠪᠦᠭᠦᠳᠡ ᠬᠤᠷᠠᠯ ᠤᠨ ︽ᠲᠣᠭᠲᠠᠭᠠᠯ︾ ᠤᠨ ᠵᠣᠷᠢᠭ ᠰᠠᠨᠠᠭ᠎ᠠ ᠶᠢ ᠵᠥᠪ ᠣᠶᠢᠯᠠᠭᠠᠨ ᠲᠠᠶᠢᠯᠪᠤᠷᠢᠯᠠᠵᠤ᠂ | ᠪᠦᠭᠦ ᠨᠠᠮ ᠪᠦᠭᠦ ᠨᠡᠶᠢᠭᠡᠮ ᠢᠶᠠᠷ ᠢᠶᠠᠨ ᠥᠭᠡᠷᠡᠴᠢᠯᠡᠯᠲᠡ ᠶᠢ ᠬᠠᠮᠲᠤ ᠪᠠᠷ ᠠᠳᠬᠤᠬᠤ ᠦᠵᠡᠯ ᠰᠠᠨᠠᠭᠠᠨ ᠤ ᠰᠠᠭᠤᠷᠢ᠂ ᠤᠯᠠᠨ ᠲᠦᠮᠡᠨ ᠤ ᠰᠠᠭᠤᠷᠢ ᠶᠢ ᠪᠠᠬᠢᠵᠢᠭᠦᠯᠬᠦ | ᠬᠡᠷᠡᠭᠲᠡᠢ᠃ ᠥᠭᠡᠷᠡᠴᠢᠯᠡᠯᠲᠡ ᠶᠢᠨ ᠵᠢᠱᠢᠯᠲᠡ ᠶᠢ ᠵᠦᠢ ᠵᠣᠬᠢᠰᠲᠠᠢ ᠬᠥᠲᠥᠯᠥᠨ ᠵᠢᠯᠤᠭᠤᠳᠴᠤ᠂ ᠺᠠᠳ᠋ᠷ᠂ ᠤᠯᠠᠨ ᠲᠦᠮᠡᠨ ᠢ ᠬᠥᠲᠥᠯᠥᠨ ᠵᠢᠯᠤᠭᠤᠳᠴᠤ | ᠥᠭᠡᠷᠡᠴᠢᠯᠡᠯᠲᠡ ᠶᠢᠨ ᠳᠤᠮᠳᠠᠬᠢ ᠠᠰᠢᠭ ᠲᠤᠰᠠ ᠶᠢᠨ ᠬᠠᠷᠢᠴᠠᠭ᠎ᠠ ᠶᠢ ᠲᠣᠬᠢᠷᠠᠭᠤᠯᠬᠤ ᠪᠠ ᠬᠤᠪᠢ ᠬᠥᠮᠥᠨ ᠤ ᠠᠰᠢᠭ ᠬᠤᠣᠷ ᠣᠯᠵᠤ ᠠᠯᠳᠠᠬᠤ ᠶᠠᠪᠤᠳᠠᠯ ᠳᠤ | ᠵᠥᠪ ᠢᠶᠠᠷ ᠬᠠᠨᠳᠤᠬᠤ ᠭᠡᠷᠡᠭᠲᠡᠢ︔ ᠬᠥᠮᠥᠨ ᠢᠶᠠᠷ ᠦᠨᠳᠦᠰᠦ ᠪᠤᠯᠭᠠᠬᠤ ᠶᠢ ᠪᠠᠷᠢᠮᠲᠠᠯᠠᠵᠤ᠂ ᠪᠣᠳᠠᠲᠤ ᠦᠷ᠎ᠡ ᠪᠦᠲᠦᠮᠵᠢ ᠪᠠ ᠠᠷᠠᠳ ᠣᠯᠠᠨ ᠤ ᠬᠠᠨᠤᠮᠵᠢ ᠲᠠᠢ | ᠪᠠᠶᠢᠬᠤ ᠬᠡᠮᠵᠢᠶ᠎ᠡ ᠪᠠᠷ ᠥᠭᠡᠷᠡᠴᠢᠯᠡᠯᠲᠡ ᠶᠢ ᠰᠢᠯᠭᠠᠬᠤ ᠬᠡᠷᠡᠭᠲᠡᠢ᠃ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠡᠵᠡᠮᠳᠡᠵᠦ᠂ ᠶᠠᠷᠢᠶ᠎ᠠ ᠬᠡᠯᠡᠯᠴᠡᠭᠡᠨ ᠤ ᠬᠠᠮᠲᠤᠷᠠᠯ | ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | | |