| ᠡᠳᠦᠭᠡ 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ | ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠰᠢᠯᠭᠠᠯᠲᠠ ᠶᠢᠨ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠬᠢᠷᠢ ᠪᠦᠲᠦᠮᠵᠢ ᠶᠢ ᠳᠠᠬᠢᠨ ᠬᠢᠨᠠᠬᠤ ᠲᠤᠬᠠᠢ | ᠳᠣᠣᠷᠠᠬᠢ ᠮᠡᠲᠦ ᠮᠡᠳᠡᠭᠳᠡᠪᠡ᠄ | ᠨᠢᠭᠡ᠂ ᠳᠠᠬᠢᠨ ᠬᠢᠨᠠᠬᠤ ᠲᠥᠷᠥᠯ ᠵᠦ᠊ᠵᠯ | 2025 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠳᠠᠭᠤᠤ ᠬᠥᠭᠵᠢᠮ ᠤᠨ ᠲᠥᠷᠥᠯ᠂ ᠪᠥᠵᠢᠭ ᠤᠨ ᠲᠥᠷᠥᠯ᠂ ᠲᠣᠭᠯᠠᠯᠲᠠ ︵ | ᠤᠳᠤᠷᠢᠳᠤᠭᠠᠴᠢ︶ ᠶᠢᠨ ᠲᠥᠷᠥᠯ᠂ ᠨᠡᠪᠲᠡᠷᠡᠭᠦᠯᠦᠭᠴᠢ ᠪᠠ ᠬᠥᠲᠦᠯᠦᠭᠴᠢ ᠶᠢᠨ ᠲᠥᠷᠥᠯ᠂ ᠤᠷᠠᠨ ᠵᠢᠷᠤᠭ ᠪᠠ ᠵᠢᠷᠤᠭ ᠲᠥᠯᠦᠪᠯᠡᠭᠡ ᠶᠢᠨ ᠲᠥᠷᠥᠯ᠂ ᠤᠷᠠᠨ | ᠪᠢᠴᠢᠯᠭᠡ ᠶᠢᠨ ᠲᠥᠷᠥᠯ ᠤᠨ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ | ᠬᠤᠶᠠᠷ᠂ ᠳᠠᠬᠢᠨ ᠬᠢᠨᠠᠬᠤ ᠴᠠᠭ ᠬᠤᠭᠤᠴᠠᠭ᠎ᠠ | ᠳᠠᠬᠢᠨ ᠬᠢᠨᠠᠬᠤ ᠭᠤᠶᠤᠴᠢᠯᠠᠯ ᠢ ᠲᠤᠰᠢᠶᠠᠬᠤ ᠴᠠᠭ᠄ 2025 ᠣᠨ ᠤ 1 ᠳ᠋ᠦ᠋ᠭᠡᠷ ᠰᠠᠷ᠎ᠠ ᠶᠢᠨ 15-17 ᠤ ᠡᠳᠦᠷ᠂ ᠬᠤᠭᠤᠴᠠᠭ᠎ᠠ ᠥᠩᠭᠡᠷᠡᠪᠡᠯ ᠳᠠᠭᠢᠵᠤ | ᠬᠦᠯᠢᠶᠡᠨ ᠠᠪᠴᠤ ᠰᠢᠢᠳᠪᠦᠷᠢᠯᠡᠬᠦ ᠦᠭᠡᠢ᠃ | ᠬᠦᠯᠢᠶᠡᠨ ᠠᠪᠴᠤ ᠰᠢᠢᠳᠪᠦᠷᠢᠯᠡᠵᠦ ᠪᠠᠶᠢᠭ᠎ᠠ ᠪᠠᠶᠢᠳᠠᠯ ᠵᠢᠴᠢ ᠳᠠᠬᠢᠨ ᠬᠢᠨᠠᠭᠰᠠᠨ ᠦᠷ᠎ᠡ ᠳ᠋ᠦᠩ ᠢ ᠪᠠᠶᠢᠴᠠᠭᠠᠨ ᠯᠠᠪᠯᠠᠬᠤ ᠴᠠᠭ᠄ 2025 ᠣᠨ ᠤ 1 ᠰᠠᠷ᠎ᠠ | ᠶᠢᠨ 21 ᠤ ᠡᠳᠦᠷ᠃ | ᠭᠤᠷᠪᠠ᠂ ᠳᠠᠬᠢᠨ ᠬᠢᠨᠠᠬᠤ ᠠᠭᠤᠯᠭ᠎ᠠ | ᠰᠢᠯᠭᠠᠭᠤᠯᠤᠭᠴᠢ ᠶᠢᠨ ᠬᠢᠷᠢ ᠪᠦᠲᠦᠮᠵᠢ ᠶᠢ ᠳᠠᠬᠢᠨ ᠬᠢᠨᠠᠬᠤ ᠠᠭᠤᠯᠭ᠎ᠠ ᠳᠤ᠄ ᠰᠢᠯᠭᠠᠭᠤᠯᠤᠭᠴᠢ ᠶᠢᠨ ᠬᠤᠪᠢ ᠬᠥᠮᠦᠨ ᠤ ᠮᠡᠳᠡᠭᠡ ᠵᠠᠩᠭᠢ᠂ ᠬᠠᠷᠠᠭᠠᠯᠵᠠᠭᠰᠠᠨ | ᠪᠢᠷ ᠤᠨ ᠰᠢᠯᠭᠠᠯᠲᠠ ᠶᠢᠨ ᠰᠡᠳᠦᠪ ᠬᠠᠷᠢᠭᠤᠯᠬᠤ ᠺᠠᠷᠲ ᠤᠨ ᠵᠢᠷᠤᠭ ᠨᠢ ᠰᠢᠯᠭᠠᠭᠤᠯᠤᠭᠴᠢ ᠶᠢᠨ ᠬᠠᠷᠢᠭᠤᠯᠲᠠ ᠶᠢᠨ ᠬᠠᠭᠤᠳᠠᠰᠤ ᠮᠥᠨ ᠡᠰᠡᠬᠦ᠂ ᠨᠢᠭᠤᠷᠳᠠᠨ | ᠰᠢᠯᠭᠠᠯᠲᠠ ᠶᠢᠨ ᠬᠢᠴᠢᠶᠡᠯ ᠲᠥᠷᠥᠯ ᠤᠨ ᠳᠠᠭᠤᠨ ᠤ ᠸᠢᠳᠢᠣ᠋ ᠨᠢ ᠰᠢᠯᠭᠠᠭᠤᠯᠤᠭᠴᠢ ᠶᠢᠨ ᠰᠢᠯᠭᠠᠯᠲᠠ ᠶᠢᠨ ᠴᠡᠭ ᠲᠤ ᠭᠠᠷ ᠤᠨ ᠦᠰᠦᠭ ᠵᠢᠷᠤᠵᠤ ᠨᠤᠲᠠᠯᠠᠭᠰᠠᠨ ᠲᠠᠢ | ᠨᠢᠭᠡᠳᠦᠯᠲᠡᠢ ᠪᠠᠶᠢᠬᠤ ᠡᠰᠡᠬᠦ᠂ ᠦᠨᠡᠯᠡᠬᠦ ᠳᠤ ᠣᠷᠬᠢᠭᠳᠠᠭᠤᠯᠤᠭᠰᠠᠨ ᠵᠦᠢᠯ ᠪᠠᠶᠢᠬᠤ ᠡᠰᠡᠬᠦ᠂ ᠪᠠᠭ᠎ᠠ ᠰᠡᠳᠦᠪ ᠤᠨ ᠣᠯᠣᠭᠰᠠᠨ ᠬᠤᠪᠢ ᠶᠢ ᠪᠦᠷᠢᠳᠭᠡᠬᠦ ︵ᠳᠠᠩᠰᠠᠯᠠᠬᠤ︶ | ᠳᠤ ᠣᠷᠬᠢᠭᠳᠠᠭᠤᠯᠤᠭᠰᠠᠨ ᠡᠰᠡᠬᠦ᠂ ᠬᠢᠴᠢᠶᠡᠯ ᠲᠥᠷᠦᠯ ᠤᠨ ᠶᠡᠷᠦᠩᠬᠡᠢ ᠬᠤᠪᠢ ᠰᠢᠯᠭᠠᠭᠤᠯᠤᠭᠴᠢ ᠳᠤ ᠮᠡᠳᠡᠭᠳᠡᠭᠰᠡᠨ ᠬᠢᠷᠢ ᠪᠦᠲᠦᠮᠵᠢ ᠲᠠᠢ ᠨᠢᠭᠡᠳᠦᠯᠲᠡᠢ ᠪᠠᠶᠢᠬᠤ | ᠡᠰᠡᠬᠦ ᠶᠢ ᠪᠠᠭᠲᠠᠭᠠᠨ᠎ᠠ᠃ ᠬᠤᠪᠢ ᠳᠣᠭᠲᠠᠭᠠᠭᠰᠠᠨ ᠴᠢᠩᠭ᠎ᠠ ᠰᠤᠯᠠ ᠶᠢᠨ ᠬᠡᠮᠵᠢᠶ᠎ᠡ ᠶᠢ ᠬᠢᠷᠢ ᠪᠦᠲᠦᠮᠵᠢ ᠶᠢ ᠳᠠᠬᠢᠨ ᠬᠢᠨᠠᠬᠤ ᠬᠡᠪᠴᠢᠶᠡᠨ ᠳᠤ ᠣᠷᠣᠭᠤᠯᠬᠤ ᠦᠭᠡᠢ᠃ | ᠰᠢᠯᠭᠠᠭᠤᠯᠤᠭᠴᠢ ᠶᠢᠨ ᠬᠢᠷᠢ ᠪᠦᠲᠦᠮᠵᠢ ᠶᠢ ᠳᠠᠬᠢᠨ ᠬᠢᠨᠠᠬᠤ ᠦᠶ᠎ᠡ ᠳᠤ᠂ ᠳᠠᠬᠢᠵᠤ ᠬᠤᠪᠢ ᠲᠣᠭᠲᠠᠭᠠᠬᠤ ᠦᠭᠡᠢ᠂ ᠰᠢᠯᠭᠠᠭᠤᠯᠤᠭᠴᠢ ᠪᠠ ᠭᠡᠷ ᠤᠨ ᠠᠬᠠᠮᠠᠳ | ᠬᠠᠷᠢᠭᠤᠯᠲᠠ ᠶᠢᠨ ᠬᠠᠭᠤᠳᠠᠰᠤ᠂ ᠵᠤᠬᠢᠬᠤ ᠰᠢᠷᠪᠢᠯᠲᠡ ᠵᠢᠷᠤᠭ ᠵᠢᠴᠢ ᠨᠢᠭᠤᠷᠳᠠᠨ ᠰᠢᠯᠭᠠᠯᠲᠠ ᠶᠢᠨ ᠳᠠᠭᠤᠨ ᠤ ᠸᠢᠳᠢᠣ᠋ ᠶᠢ ᠪᠠᠶᠢᠴᠠᠭᠠᠨ ᠯᠠᠪᠯᠠᠵᠤ ᠪᠣᠯᠬᠤ ᠦᠭᠡᠢ᠃ | ᠳᠥᠷᠪᠡ᠂ ᠳᠠᠬᠢᠨ ᠬᠢᠨᠠᠬᠤ ᠳᠡᠰ ᠳᠠᠷᠠᠭᠠᠯᠠᠯ | ᠬᠢᠷᠢ ᠪᠦᠲᠦᠮᠵᠢ ᠳᠤ ᠰᠠᠨᠠᠯ ᠲᠠᠢ ᠰᠢᠯᠭᠠᠭᠤᠯᠤᠭᠴᠢ ᠲᠣᠭᠲᠠᠭᠰᠠᠨ ᠴᠠᠭ ᠲᠤ᠂ ᠬᠤᠪᠢ ᠬᠥᠮᠦᠨ ᠤ ᠪᠡᠶ᠎ᠡ ᠶᠢᠨ ᠦᠨᠡᠮᠯᠡᠯ ᠪᠠ ᠰᠢᠯᠭᠠᠭᠤᠯᠬᠤ ᠲᠡᠮᠳᠡᠭ ᠢᠶᠠᠨ | ᠠᠪᠴᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠪᠠᠶᠢᠭᠤᠯᠤᠮᠵᠢ ᠳᠤ ᠬᠦᠷᠴᠦ ᠬᠢᠷᠢ ᠪᠦᠲᠦᠮᠵᠢ ᠶᠢ ᠳᠠᠬᠢᠨ | ᠬᠢᠨᠠᠭᠤᠯᠬᠤ ᠭᠤᠶᠤᠴᠢᠯᠠᠯ ᠭᠠᠷᠭᠠᠬᠤ ᠶᠢᠨ ᠬᠠᠮᠲᠤ᠂ ︽ᠰᠢᠯᠭᠠᠭᠤᠯᠤᠭᠴᠢ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ | ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢ ᠳᠠᠬᠢᠨ ᠬᠢᠨᠠᠭᠤᠯᠬᠤ ᠪᠠᠷ ᠭᠤᠶᠤᠴᠢᠯᠠᠬᠤ ᠬᠦᠰᠦᠨᠦᠭᠲᠦ︾ ᠶᠢ ᠲᠠᠭᠯᠠᠵᠤ᠂ ᠬᠤᠭᠤᠴᠠᠭ᠎ᠠ ᠥᠩᠭᠡᠷᠡᠭᠰᠡᠨ ᠢ | ᠬᠦᠯᠢᠶᠡᠨ ᠠᠪᠴᠤ ᠰᠢᠢᠳᠪᠦᠷᠢᠯᠡᠬᠦ ᠦᠭᠡᠢ᠃ | ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ | ᠤᠨ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢ ᠳᠠᠬᠢᠨ ᠬᠢᠨᠠᠬᠤ ᠳᠡᠰ ᠳᠠᠷᠠᠭᠠᠯᠠᠯ︾ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | | |