ᠬᠤᠰᠢᠭᠤ ᠨᠠᠮ ᠤᠨ ᠬᠤᠷᠢᠶ᠎ᠠ ᠪᠥᠬᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ  ᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠲᠣᠭᠤᠰᠢᠯᠠᠭᠤᠯᠤᠨ  ᠭᠤᠸ ᠬᠤᠸᠠᠢ ᠵᠢᠩ ᠬᠤᠷᠠᠯ ᠡᠷᠬᠢᠯᠡᠨ ᠶᠠᠷᠢᠶ᠎ᠠ ᠲᠠᠯᠪᠢᠵᠤ  ᠰᠣ᠋ ᡁᠢ ᠰᠢᠶᠦ᠋ᠩ ᠯᠢ ᠷᠦᠢ ᠮᠢᠨ ᠰᠠᠷᠢᠨᠲᠤᠶᠠᠭ᠎ᠠ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/1/24
      1 ᠳ᠋ᠦ᠋ᠭᠡᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶ᠎ᠠ ᠪᠥᠬᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠤᠨ᠂ ᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ᠂ ᠯᠢ ᠯᠢ ᠱᠦᠵᠢ ᠶᠢᠨ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠵᠢᠴᠢ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠬᠠᠮᠲᠤᠷᠠᠭᠰᠠᠨ ᠳᠤᠭᠤᠶᠢᠯᠠᠩ ᠤᠨ ᠶᠠᠷᠢᠯᠴᠠᠭ᠎ᠠ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ᠂ ᠢᠦᠢ ᠬᠠᠢ ᠢᠦᠢ ᠬᠤᠲᠠ ᠶᠢᠨ ᠳᠠᠷᠤᠭ᠎ᠠ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠣᠭᠤᠰᠢᠯᠠᠭᠤᠯᠵᠤ᠂ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃   
W020250123597416828791.jpg 
         ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠰᠣ᠋ ᡁᠢ ᠰᠢᠶᠦ᠋ᠡᠭ ᠢᠦᠢ ᠬᠠᠢ ᠢᠦᠢ ᠬᠤᠲᠠ ᠶᠢᠨ ᠳᠠᠷᠤᠭ᠎ᠠ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠵᠣᠷᠢᠭ ᠰᠠᠨᠠᠭ᠎ᠠ ᠪᠠ ᠵᠠᠩ ᠸᠧᠢ ᠬᠡᠯᠲᠡᠰ ᠤᠨ ᠳᠠᠷᠤᠭ᠎ᠠ᠂ ᠵᠧᠦ ᠬᠦᠶ ᠷᠦᠩ ᠳᠡᠳ᠋ ᠡᠷᠬᠢᠯᠡᠭᠴᠢ᠂ ᠼᠤᠤ ᠽᠢ ᠭᠠᠩ ᠪᠠᠶᠢᠴᠠᠭᠠᠬᠤ ᠳᠠᠷᠤᠭ᠎ᠠ ᠶᠢᠨ ᠮᠠᠨ ᠤ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ︔ ᠯᠢ ᠷᠦᠢ ᠮᠢᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠰᠠᠷᠠᠨᠲᠤᠶᠠᠭ᠎ᠠ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ ᠪᠣᠯᠣᠨ ᠯᠢ ᠯᠢ ᠱᠦᠵᠢ ᠶᠢᠨ ᠬᠠᠮᠢᠶ᠎ᠠ ᠪᠦᠬᠦᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃             ᠭᠤᠸ ᠬᠤᠸᠠᠢ ᠵᠢᠩ ᠬᠡᠯᠡᠬᠦ ᠳᠡᠭᠡᠨ᠂ ᠬᠤᠲᠠ ᠶᠢᠨ ᠬᠤᠶᠠᠷ ᠬᠤᠷᠠᠯ ᠨᠢ ᠪᠢᠳᠡᠨ ᠤ ᠡᠨᠡ ᠵᠢᠯ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ ᠥᠭᠪᠡ᠃ ᠲᠦᠷᠭᠡᠨ ᠬᠥᠳᠡᠯᠦᠯᠴᠡᠵᠦ᠂ ᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠦᠨᠡᠨᠬᠦ ᠰᠠᠶᠢᠲᠤᠷ ᠰᠤᠷᠤᠯᠴᠠᠨ᠂ ᠰᠠᠶᠢᠲᠤᠷ ᠤᠬᠠᠭᠤᠯᠵᠤ᠂ ᠰᠠᠶᠢᠲᠤᠷ ᠲᠣᠭᠤᠰᠢᠯᠠᠭᠤᠯᠤᠨ᠂ ︽ᠪᠥᠬᠦ ᠣᠷᠣᠨ ᠤ ᠬᠥᠭᠵᠢᠯᠲᠡ ᠶᠢᠨ ᠲᠤᠯᠭᠠᠭᠤᠷᠢ᠂ ᠳᠠᠭᠠᠭᠤᠯᠤᠭᠴᠢ ᠪᠣᠯᠬᠤ︾ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠶᠢ ᠪᠠᠲᠤ ᠡᠵᠡᠮᠳᠡᠵᠦ᠂ ᠲᠥᠪ ᠤᠨ ᠦᠨᠳᠦᠰᠦᠨ ᠪᠣᠳᠣᠯᠭ᠎ᠠ ᠴᠢᠭᠯᠡᠯᠲᠡ᠂ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ᠂ ᠪᠥᠬᠦ ᠬᠤᠲᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠣᠣᠱᠲᠠᠢ ᠠᠳᠬᠤᠵᠤ᠂ ᠢᠮᠠᠭᠲᠠ ᠲᠣᠭᠤᠰᠢᠯᠠᠭᠤᠯᠤᠨ᠂ ᠡᠯ᠎ᠡ ᠵᠦᠢᠯ ᠤᠨ ᠠᠵᠢᠯ ᠳᠤ ᠨᠠᠩ ᠶᠡᠭᠡ ᠰᠢᠪᠲᠤᠯᠤᠯᠲᠠ ᠭᠠᠷᠭᠠᠬᠤ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠪᠠᠨ ᠡᠭᠦᠷᠭᠡᠯᠡᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠮᠠᠨ ᠤ ᠬᠤᠰᠢᠭᠤᠨ ᠳᠤ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠣᠭᠰᠣᠴᠠ ᠲᠠᠢ︾ ᠤᠯᠤᠰ ᠲᠥᠷᠥ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠨ᠂ ︽ᠪᠠᠶᠢᠷᠢ ᠲᠣᠭᠲᠠᠭᠠᠯᠲᠠ ᠲᠠᠢ︾ ᠪᠠᠷᠢᠮᠵᠢᠶ᠎ᠠ ᠱᠠᠭᠠᠷᠳᠠᠯᠭ᠎ᠠ ᠶᠢ ᠪᠠᠷᠢᠮᠲᠠᠯᠠᠵᠤ᠂ ︽ ᠪᠠᠶᠢᠷᠢ ᠰᠠᠭᠤᠷᠢ ᠲᠠᠢ︾ ᠡᠷᠴᠢ ᠵᠣᠷᠢᠭ ᠢ ᠪᠣᠶ ᠪᠣᠯᠭᠠᠨ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠠᠬᠢᠭᠤᠯᠬᠤ ᠲᠠᠯ᠎ᠠ ᠪᠠᠷ ᠰᠢᠨ᠎ᠡ ᠠᠯᠬᠤᠮ ᠢ ᠠᠯᠬᠤᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠵᠢᠷᠤᠮ ᠢ ᠡᠷᠬᠢᠮᠯᠡᠨ ᠨᠡᠶᠢᠲᠡ ᠶᠢᠨ ᠲᠥᠯᠥᠭᠡ ᠵᠢᠳᠬᠦᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠴᠢᠩᠭᠠᠷᠠᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠬᠤᠰᠢᠭᠤ ᠪᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠨ᠂ ᠠᠮᠢᠵᠢᠷᠠᠯ ᠤᠨ ᠬᠦᠴᠦᠨ ᠪᠢᠯᠬᠠᠭᠰᠠᠨ᠂ ᠨᠢᠭᠲᠠᠷᠠᠨ ᠪᠦᠯᠬᠦᠮᠳᠡᠭᠰᠡᠨ ᠤᠯᠤᠰ ᠲᠦᠷᠦ ᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠪᠡ᠃             ᠬᠤᠷᠠᠯ ᠨᠢ ᠸᠢᠳᠢᠤ᠋ ᠬᠡᠯᠪᠡᠷᠢ ᠪᠠᠷ ᠶᠠᠪᠤᠭᠳᠠᠵᠤ᠂ ᠤᠳᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠡᠯ᠎ᠡ ᠰᠤᠮᠤ ᠪᠠᠯᠭᠠᠰᠤ ᠳᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠪᠠ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ