ᠦᠰᠦᠭ ᠢᠶᠠᠷ ᠦᠭᠦᠯᠡᠬᠦᠢ᠄ ︽︿ᠣᠲᠤᠭ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︿ᠭᠤᠷᠪᠠᠨ ᠬᠥᠷᠥᠩᠭᠡ﹀ ᠶᠢᠨ ᠬᠠᠮᠢᠶᠠᠷᠤᠯᠲᠠ ᠶᠢᠨ ᠳᠦᠷᠢᠮ﹀ ᠢ ᠲᠣᠭᠲᠠᠭᠠᠭᠰᠠᠨ ᠲᠣᠳᠣᠷᠬᠠᠶᠢᠯᠠᠯᠲᠠ
ᠨᠡᠶᠢᠲᠡᠯᠡᠭᠰᠡᠨ ᠴᠠᠭ᠄
2025/1/8
      ᠡᠳᠦᠭᠡ ︽ᠣᠲᠤᠭ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︿ᠭᠤᠷᠪᠠᠨ ᠬᠥᠷᠥᠩᠭᠡ﹀ ᠶᠢᠨ ᠬᠠᠮᠢᠶᠠᠷᠤᠯᠲᠠ ᠶᠢᠨ ᠳᠦᠷᠢᠮ︾ ᠢ ᠲᠤᠭᠤᠷᠪᠢᠨ ᠲᠣᠭᠲᠠᠭᠠᠭᠰᠠᠨ ᠬᠤᠯᠪᠣᠭᠳᠠᠯ ᠪᠦᠬᠦᠢ ᠶᠠᠪᠤᠳᠠᠯ ᠤᠨ ᠲᠤᠬᠠᠢ ᠳᠣᠣᠷᠠᠬᠢ ᠮᠡᠲᠦ ᠲᠣᠳᠣᠷᠬᠠᠶᠢᠯᠠᠯᠲᠠ ᠬᠢᠶ᠎ᠠ᠄       ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ︵ᠳᠤᠤᠷ᠎ᠠ ︽ᠭᠤᠷᠪᠠᠨ ᠬᠥᠷᠥᠩᠭᠡ︾ ᠭᠡᠵᠤ ᠳᠦᠭᠦᠮᠴᠢᠯᠡᠨ᠎ᠡ︶ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠠᠮᠲᠤ ᠶᠢᠨ ︽ᠭᠤᠷᠪᠠᠨ ᠬᠥᠷᠥᠩᠭᠡ︾ ᠶᠢᠨ ᠬᠠᠮᠢᠶᠠᠷᠤᠯᠲᠠ ᠶᠢᠨ ᠳᠦᠷᠢᠮ ᠢ  ᠵᠢᠷᠤᠮᠵᠢᠭᠤᠯᠵᠤ ᠲᠡᠭᠦᠯᠳᠡᠷᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠪᠦᠷᠢᠯᠳᠦᠭᠦᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠶᠢᠨ ᠲᠤᠰᠠᠳᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ︾᠂ ︽ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠨᠢᠭᠲᠠᠯᠠᠨ ᠪᠤᠳᠤᠬᠤ ᠳᠦᠷᠢᠮ︾᠂ ︽ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ︾᠂ ︽ᠣᠷᠳᠣᠰ ᠬᠤᠲᠠ ᠶᠢᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ︽ᠭᠤᠷᠪᠠᠨ ᠬᠥᠷᠥᠩᠭᠡ︾ ᠶᠢᠨ ᠬᠠᠮᠢᠶᠠᠷᠤᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠳᠦᠷᠢᠮ ᠢ ᠲᠣᠭᠲᠠᠭᠠᠪᠠ᠃       ᠲᠣᠰ ᠳᠦᠷᠢᠮ ᠨᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠳᠣᠲᠣᠷ᠎ᠠ ᠬᠠᠤᠯᠢ ᠶᠣᠰᠣᠭᠠᠷ ᠪᠠᠶᠢᠭᠤᠯᠤᠭᠰᠠᠨ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠤᠮᠤ ᠪᠠᠯᠭᠠᠰᠤ ᠶᠢᠨ ᠱᠠᠲᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠭᠠᠴᠠᠭ᠎ᠠ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠳᠤᠭᠤᠶᠢᠯᠠᠩ ︵ᠬᠤᠷᠰᠢᠶᠠᠵᠢᠯ︶ ᠤᠨ ᠱᠠᠲᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠭᠠᠴᠠᠭ᠎ᠠ ᠲᠣᠰᠬᠤᠨ ᠢ ᠦᠭᠡᠶᠢᠰᠬᠡᠭᠰᠡᠨ ᠤ ᠳᠠᠷᠠᠭ᠎ᠠ ᠤᠤᠯ ᠤᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠤᠷᠢ ᠶᠢ ᠭᠦᠢᠴᠡᠳᠬᠡᠵᠦ ᠪᠠᠶᠢᠭ᠎ᠠ ᠨᠡᠶᠢᠭᠡᠮ ᠲᠣᠭᠤᠷᠢᠭ ᠲᠤ ᠲᠣᠬᠢᠷᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠣᠷᠣᠯᠠᠨ ᠭᠦᠢᠴᠡᠳᠬᠡᠵᠦ ᠪᠠᠶᠢᠭ᠎ᠠ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠵᠡᠷᠭᠡ ᠭᠠᠴᠠᠭ᠎ᠠ ᠲᠣᠰᠬᠤᠨ ᠤ ᠨᠢᠭᠲᠠᠯᠠᠨ ᠪᠤᠳᠤᠭᠴᠢ ᠶᠢᠨ ᠨᠠᠶᠢᠳᠠᠨ ᠣᠷᠣᠯᠠᠬᠤ ᠦᠢᠯᠡᠴᠢᠯᠡᠭᠡ ᠶᠢ ᠬᠡᠷᠡᠭᠵᠢᠭᠦᠯᠵᠦ ᠪᠠᠶᠢᠭ᠎ᠠ ᠰᠤᠮᠤ ᠪᠠᠯᠭᠠᠰᠤ ᠶᠢᠨ ᠨᠢᠭᠲᠠᠯᠠᠨ ᠪᠤᠳᠤᠭᠴᠢ ᠶᠢᠨ ᠲᠣᠭᠠᠴᠠᠭ᠎ᠠ ᠬᠢᠬᠦ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠪᠤᠶᠤ ︽ᠭᠤᠷᠪᠠᠨ ᠬᠥᠷᠥᠩᠭᠡ︾ ᠶᠢᠨ ᠨᠠᠶᠢᠳᠠᠨ ᠣᠷᠣᠯᠠᠬᠤ ᠪᠠᠶᠢᠭᠤᠯᠤᠮᠵᠢ ᠨᠢ ᠲᠣᠰ ᠳᠦᠷᠢᠮ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃       ᠨᠢᠭᠡ᠂ ᠶᠡᠷᠦᠩᠬᠡᠢ ᠱᠠᠭᠠᠷᠳᠠᠯᠭ᠎ᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠣᠭᠤᠰᠢᠯᠠᠭᠤᠯᠵᠤ ᠨᠠᠶᠢᠳᠠᠪᠤᠷᠢᠵᠢᠭᠤᠯᠤᠨ᠂ ︽ᠡᠳ᠋ ᠬᠥᠷᠥᠩᠭᠡ ᠡᠬᠢ ᠪᠠᠶᠠᠯᠢᠭ ᠤᠨ ᠬᠠᠮᠢᠶᠠᠷᠤᠯᠲᠠ᠂ ᠠᠵᠤ ᠠᠬᠤᠢ ᠶᠢᠨ ᠭᠡᠷ᠎ᠡ ᠶᠢᠨ ᠬᠠᠮᠢᠶᠠᠷᠤᠯᠲᠠ᠂ ᠠᠪᠴᠠᠭ᠎ᠠ ᠥᠭᠴᠡᠭᠡ ᠶᠢᠨ ᠬᠠᠮᠢᠶᠠᠷᠤᠯᠲᠠ ᠡᠵᠡᠮᠰᠢᠯᠳᠡ᠂ ᠢᠨᠵᠧᠨᠧᠷᠢᠩ ᠤᠨ ᠲᠥᠷᠥᠯ ᠵᠦᠢᠯ ᠤᠨ ᠬᠠᠮᠢᠶᠠᠷᠤᠯᠲᠠ᠂ ᠬᠠᠮᠲᠤ ᠶᠢᠨ ᠠᠵᠤ ᠠᠬᠤᠢ ᠶᠢᠨ ᠬᠢᠨᠠᠨ ᠪᠣᠳᠣᠯᠲᠠ︾ ᠵᠡᠷᠭᠡ ᠬᠠᠮᠲᠤ ᠶᠢᠨ ︽ᠭᠤᠷᠪᠠᠨ  ᠬᠥᠷᠥᠩᠭᠡ︾ ᠶᠢᠨ ᠬᠠᠮᠢᠶᠠᠷᠤᠯᠲᠠ ᠵᠡᠷᠭᠡ ᠲᠠᠪᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ︽ᠭᠤᠷᠪᠠᠨ ᠬᠥᠷᠥᠩᠭᠡ︾ ᠶᠢᠨ ᠬᠠᠮᠢᠶᠠᠷᠤᠯᠲᠠ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠤᠨ ᠲᠣᠭᠤᠷᠢᠨ ᠳᠤ᠂ ᠬᠠᠮᠢᠶᠠᠷᠤᠯᠲᠠ ᠶᠢᠨ ᠳᠤᠲᠠᠭᠳᠠᠯ ᠪᠠ ᠠᠷᠢᠭᠤᠨ ᠴᠢᠬᠡᠴᠢ ᠶᠢᠨ ᠠᠶᠤᠯ ᠲᠦᠭᠰᠢᠭᠦᠷᠢ ᠶᠢ ᠣᠨᠣᠪᠴᠢᠲᠠᠶ ᠢᠯᠭᠠᠨ ᠲᠠᠨᠢᠵᠤ᠂ ᠨᠢᠭᠡ ᠪᠦᠯᠦᠭ ᠢ ᠵᠢᠭᠰᠠᠭᠠᠨ ᠪᠠᠶᠢᠴᠠᠭᠠᠵᠤ ᠢᠯᠭᠠᠷᠠᠭᠤᠯᠬᠤ᠂ ᠨᠢᠭᠡ ᠪᠦᠯᠦᠭ ᠢ ᠴᠢᠩᠭ᠎ᠠ ᠪᠠᠶᠢᠴᠠᠭᠠᠨ ᠰᠢᠢᠳᠪᠦᠷᠢᠯᠡᠬᠦ᠂ ᠨᠢᠭᠡ ᠪᠦᠯᠦᠭ ᠢ ᠵᠢᠷᠤᠮᠵᠢᠭᠤᠯᠤᠨ ᠵᠢᠯᠤᠭᠤᠳᠬᠤ᠂ ᠨᠢᠭᠡ ᠪᠦᠯᠦᠭ ᠢ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠠᠯᠳᠠᠭᠳᠠᠯ ᠢ ᠬᠤᠷᠢᠭᠯᠠᠬᠤ ᠠᠵᠢᠯᠯᠠᠭ᠎ᠠ ᠶᠢ ᠦᠨᠡᠨᠬᠦ ᠴᠡᠭᠴᠡᠯᠡᠨ ᠵᠠᠰᠠᠵᠤ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠭᠤᠷᠪᠠᠨ ᠬᠥᠷᠥᠩᠭᠡ︾ ᠶᠢᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠭᠤᠷᠪᠠᠨ ᠬᠥᠷᠥᠩᠭᠡ︾ ᠶᠢᠨ ᠬᠠᠮᠢᠶᠠᠷᠤᠯᠲᠠ ᠶᠢᠨ ᠵᠢᠷᠤᠮᠵᠢᠭᠰᠠᠨ ᠲᠦᠪᠰᠢᠨ ᠢ ᠳᠡᠭᠡᠭᠰᠢᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠲᠣᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃       ᠬᠤᠶᠠᠷ᠂ ᠳᠦᠷᠢᠮ ᠲᠣᠭᠲᠠᠭᠠᠬᠤ ᠶᠢᠨ ᠴᠢᠬᠤᠯᠠ ᠴᠢᠨᠠᠷ       ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠭᠤᠷᠪᠠᠨ ᠬᠥᠷᠥᠩᠭᠡ︾ ᠶᠢᠨ ᠬᠠᠮᠢᠶᠠᠷᠤᠯᠲᠠ ᠳᠤ ᠬᠢᠨᠠᠯᠲᠠ ᠲᠠᠯᠪᠢᠬᠤ᠂ ᠵᠢᠭᠠᠨ ᠵᠢᠯᠤᠭᠤᠳᠬᠤ ᠶᠢ ᠦᠨᠡᠨᠬᠦ ᠴᠢᠩᠭᠠᠳᠬᠠᠵᠤ᠂ ︽ᠭᠤᠷᠪᠠᠨ ᠬᠥᠷᠥᠩᠭᠡ︾ ᠶᠢᠨ ᠬᠠᠮᠢᠶᠠᠷᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠠᠮᠠᠭᠠᠯᠠᠵᠤ᠂ ︽ᠪᠥᠬᠦ ᠤᠯᠤᠰ ᠤᠨ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠳᠡᠯ︾ ︵ᠲᠠᠷᠢᠶᠠᠯᠠᠩ ᠥᠭᠡᠷᠡᠴᠢᠯᠡᠯᠲᠡ ᠲᠠᠷᠬᠠᠭᠠᠭᠰᠠᠨ ﹇2023﹈ 2 ᠳ᠋ᠤᠭᠠᠷ ᠲᠣᠭᠠᠲᠤ︶᠂ ︽ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠥᠭᠡᠷᠡᠴᠢᠯᠡᠯᠲᠡ ᠲᠠᠷᠬᠠᠭᠠᠭᠰᠠᠨ ﹇2023﹈ 215 ᠳ᠋ᠤᠭᠠᠷ ᠲᠣᠭᠠᠲᠤ︶ ᠪᠠ ︽ᠣᠷᠳᠣᠰ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠤᠨ ᠮᠡᠳᠡᠭᠳᠡᠯ︾ ︵ᠣᠷᠳᠣᠰ ᠲᠠᠷᠢᠶᠠᠯᠠᠩ ᠮᠠᠯ ᠠᠵᠤ ᠠᠬᠤᠢ ᠲᠠᠷᠬᠠᠭᠠᠭᠰᠠᠨ ﹇2023﹈ 113 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠭᠤᠷᠪᠠᠨ  ᠬᠥᠷᠥᠩᠭᠡ︾ ᠶᠢᠨ ᠬᠠᠮᠢᠶᠠᠷᠤᠯᠲᠠ ᠶᠢᠨ ᠬᠦᠷᠢᠶᠡᠨ ᠳᠠᠬᠢ ᠺᠠᠳ᠋ᠷ ᠤᠨ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠤᠰᠬᠠᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠵᠢᠴᠢ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠭᠤᠷᠪᠠᠨ ᠬᠥᠷᠥᠩᠭᠡ︾ ᠶᠢᠨ ᠬᠠᠮᠢᠶᠠᠷᠤᠯᠲᠠ ᠶᠢᠨ ᠲᠤᠰᠬᠠᠢ ᠴᠡᠭᠴᠡᠯᠡᠨ ᠵᠠᠰᠠᠬᠤ ᠠᠵᠢᠯ ᠲᠠᠢ ᠤᠶᠠᠯᠳᠤᠭᠤᠯᠤᠨ᠂ ᠲᠤᠰᠬᠠᠢ ᠴᠡᠭᠴᠡᠯᠡᠨ ᠵᠠᠰᠠᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠶᠢᠨ ᠬᠠᠮᠲᠤ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ ᠲᠤᠰᠠᠳᠡ᠂ ᠲᠣᠰ ᠳᠦᠷᠢᠮ ᠢ ᠲᠣᠭᠲᠠᠭᠠᠬᠤ ᠴᠢᠬᠤᠯᠠᠲᠠᠢ ᠪᠠᠶᠢᠨ᠎ᠠ᠃       ᠭᠤᠷᠪᠠ᠂ ᠲᠣᠭᠲᠠᠭᠠᠭᠰᠠᠨ ᠶᠠᠪᠤᠴᠠ       ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠨᠢ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠭᠤᠷᠪᠠᠨ ᠬᠥᠷᠥᠩᠭᠡ︾ ᠶᠢᠨ ᠬᠠᠮᠢᠶᠠᠷᠤᠯᠲᠠ ᠶᠢᠨ ᠣᠳᠣᠬᠢ ᠪᠠᠶᠢᠳᠠᠯ ᠳᠤ ᠬᠤᠯᠪᠣᠭᠳᠠᠬᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠷᠭᠢᠯᠲᠡ ᠨᠢ ᠵᠢᠷᠤᠮᠵᠢᠯ ᠦᠭᠡᠢ︔ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢ ᠰᠠᠶᠢᠲᠤᠷ ᠬᠠᠮᠢᠶᠠᠷᠤᠭᠰᠠᠨ ᠦᠭᠡᠢ︔ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠭᠡᠷ᠎ᠡ ᠨᠢ ᠵᠢᠷᠤᠮᠵᠢᠯ ᠦᠭᠡᠢ︔ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠵᠢᠷᠤᠮᠵᠢᠯ ᠦᠭᠡᠢ︔ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠪᠴᠠᠭ᠎ᠠ ᠥᠭᠴᠡᠭᠡ ᠶᠢ ᠬᠠᠮᠢᠶᠠᠷᠤᠨ ᠡᠵᠡᠮᠳᠡᠬᠦ ᠲᠠᠯ᠎ᠠ ᠪᠠᠷ ᠴᠢᠩᠭ᠎ᠠ ᠪᠤᠰᠤ︔ ᠬᠠᠮᠲᠤ ᠪᠠᠷ ᠳᠠᠭᠠᠭᠠᠨ ᠠᠪᠬᠤ ᠢᠨᠵᠧᠨᠧᠷᠢᠩ ᠤᠨ ᠲᠥᠷᠥᠯ ᠵᠦᠢᠯ ᠤᠨ ᠬᠠᠮᠢᠶᠠᠷᠤᠯᠲᠠ ᠵᠢᠷᠤᠮᠵᠢᠯ ᠦᠭᠡᠢ︔ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠢᠨᠠᠨ ᠪᠣᠳᠣᠯᠲᠠ ᠶᠢ ᠠᠯᠪᠠᠨ ᠲᠡᠳᠦᠢ ᠥᠩᠭᠡᠷᠡᠭᠦᠯᠬᠦ︔ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠪᠣᠳᠠᠲᠠᠢ ᠪᠤᠰᠤ ᠨᠠᠷᠢᠯᠢᠭ ᠪᠤᠰᠤ ᠵᠡᠷᠭᠡ 8 ᠲᠠᠯ᠎ᠠ ᠪᠠᠷ ᠬᠢ ᠠᠰᠠᠭᠤᠳᠠᠯ ᠳᠤ ᠰᠠᠭᠤᠷᠢᠯᠠᠵᠤ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠲᠣᠬᠢᠷᠠᠭᠤᠯᠤᠨ ᠳᠦᠷᠢᠮ ᠨᠠᠶᠢᠷᠠᠭᠤᠯᠤᠨ ᠵᠣᠬᠢᠶᠠᠬᠤ ᠠᠵᠢᠯ ᠢ ᠶᠠᠪᠤᠭᠳᠠᠭᠤᠯᠪᠠ᠃ ᠲᠤᠭᠤᠷᠪᠢᠨ ᠪᠢᠴᠢᠬᠦ ᠶᠠᠪᠤᠴᠠ ᠳᠤ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠬᠠᠮᠢᠶ᠎ᠠ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠳᠣᠲᠣᠭᠠᠳᠤ ᠳᠤ ᠶᠠᠷᠢᠯᠴᠠᠭᠰᠠᠨ ᠤ ᠳᠠᠷᠠᠭ᠎ᠠ ᠠᠩᠬᠠᠨ ᠤ ᠡᠬᠡ ᠨᠣᠣᠷᠠᠭ ᠢ ᠨᠠᠶᠢᠷᠠᠭᠤᠯᠪᠠ᠃ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ ᠠᠴᠠ ᠬᠢᠨᠠᠨ ᠬᠠᠷᠭᠤᠭᠤᠯᠤᠭᠰᠠᠨ ᠰᠠᠨᠠᠯ ᠭᠠᠷᠭᠠᠭᠰᠠᠨ ᠪᠥᠭᠡᠳ ᠬᠤᠰᠢᠭᠤᠨ ᠤ ᠡᠯ᠎ᠡ ᠴᠢᠳᠠᠪᠬᠢᠲᠤ ᠪᠠᠶᠢᠭᠤᠯᠭ᠎ᠠ᠂ ᠰᠤᠮᠤ ᠪᠠᠯᠭᠠᠰᠤᠨ ᠤ ᠰᠠᠨᠠᠯ ᠢ ᠬᠤᠷᠢᠶᠠᠭᠰᠠᠨ ᠪᠥᠭᠡᠳ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠤ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠠᠴᠠ ᠰᠠᠨᠠᠯ ᠬᠤᠷᠢᠶᠠᠪᠠ᠃       ᠳᠥᠷᠪᠡ᠂ ᠲᠣᠭᠲᠠᠭᠠᠭᠰᠠᠨ ᠦᠨᠳᠦᠰᠦᠯᠡᠯ ᠭᠤᠣᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ︾᠂ ︽ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠨᠢᠭᠲᠠᠯᠠᠨ ᠪᠤᠳᠤᠬᠤ ᠳᠦᠷᠢᠮ︾ ᠵᠡᠷᠭᠡ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠵᠢᠴᠢ ᠪᠤᠰᠤᠳ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠲᠣᠭᠲᠠᠭᠠᠯ ᠢᠶᠠᠷ ᠦᠨᠳᠦᠰᠦᠯᠡᠯ ᠪᠣᠯᠭᠠᠪᠠ᠃       ᠲᠠᠪᠤ᠂ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠡᠳᠦᠷ ᠬᠤᠭᠤᠴᠠᠭ᠎ᠠ       ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃   
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ