1︱11 ᠳ᠋ᠦ᠋ᠭᠡᠷ ᠰᠠᠷ᠎ᠠ ᠳᠤ᠂ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ | ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ ᠳᠡᠭᠡᠷ᠎ᠡ ᠰᠠᠷ᠎ᠠ ᠶᠢᠨ ᠬᠢ ᠠᠴᠠ ᠵᠠᠭᠤᠨ ᠤ 0.8 ᠨᠢᠭᠡᠴᠢ ᠪᠠᠭᠤᠷᠠᠵᠤ᠂ ᠭᠤᠷᠪᠠᠳᠤᠭᠠᠷ ᠤᠯᠠᠷᠢᠯ ᠤᠨ | ᠨᠡᠮᠡᠭᠳᠡᠯ ᠤᠨ ᠬᠤᠷᠳᠤᠴᠠ ᠲᠠᠢ ᠲᠡᠩᠴᠡᠪᠡ︔ 1︱11 ᠳ᠋ᠦ᠋ᠭᠡᠷ ᠰᠠᠷ᠎ᠠ ᠳᠤ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 3.2% ᠢᠶᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠡᠭᠡᠷ᠎ᠡ ᠰᠠᠷ᠎ᠠ ᠶᠢᠨ ᠬᠢ ᠠᠴᠠ ᠰᠢᠨ᠎ᠡ ᠪᠠᠷ 2 | ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠶᠢ ᠳᠠᠶᠢᠴᠢᠯᠠᠬᠤ ᠦᠢᠯᠡᠳᠦᠯ ᠲᠠᠢ | ᠪᠣᠯᠪᠠ᠃ | ᠨᠢᠭᠡ᠂ ᠦᠢᠯᠡᠳᠬᠦ ᠦᠢᠯᠡᠰ ᠤᠨ ᠪᠠᠭᠤᠷᠠᠯᠲᠠ ᠶᠢᠨ ᠬᠡᠮᠵᠢᠶ᠎ᠡ ᠪᠠᠭᠠᠰᠴᠤ᠂ ᠠᠭᠤᠷᠬᠠᠢ ᠮᠠᠯᠲᠠᠬᠤ ᠦᠢᠯᠡᠰ ᠤᠨ ᠬᠤᠪᠢ ᠨᠡᠮᠡᠷᠢ ᠢᠯᠡᠳᠲᠡ ᠪᠣᠯᠪᠠ | 1︱11 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 134.2% ᠬᠦᠷᠴᠦ᠂ ᠠᠭᠤᠷᠬᠠᠢ ᠮᠠᠯᠲᠠᠬᠤ ᠦᠢᠯᠡᠰ ᠤᠨ ᠪᠥᠬᠦ ᠬᠤᠰᠢᠭᠤᠨ ᠤ ᠠᠵᠤ ᠦᠢᠯᠡᠳᠪᠦᠷᠢ ᠶᠢᠨ | ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠢᠯᠡᠳᠲᠡ ᠪᠣᠯᠪᠠ︔ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.7% ᠪᠠᠷ | ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1︱10 ᠳ᠋ᠤᠭᠠᠷ ᠰᠠᠷ᠎ᠠ ᠶᠢᠨ ᠬᠢ ᠠᠴᠠ ᠵᠠᠭᠤᠨ ᠤ 0.1 ᠨᠢᠭᠡᠴᠢ ᠪᠠᠭᠠᠰᠤᠨ᠂ ᠪᠥᠬᠦ ᠬᠤᠰᠢᠭᠤᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ -46.4% ᠳᠤ ᠬᠦᠷᠴᠡᠢ︔ | ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 4.4% ᠪᠠᠷ ᠨᠡᠮᠡᠭᠳᠡᠵᠦ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 12.2% ᠪᠣᠯᠪᠠ᠃ | ᠬᠤᠶᠠᠷ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠭ᠎ᠠ ᠨᠡᠮᠡᠭᠳᠡᠵᠦ᠂ ᠨᠡᠮᠡᠭᠳᠡᠯ ᠥᠷᠲᠡᠭ ᠤᠨ ᠬᠤᠪᠢ ᠶᠢᠨ ᠵᠢᠩ ᠳᠡᠭᠡᠭᠰᠢᠯᠡᠪᠡ | 1︱11 ᠳ᠋ᠦ᠋ᠭᠡᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ 103 ᠪᠠᠶᠢᠵᠤ᠂ ᠲᠦᠷᠦᠭᠦᠸ ᠰᠠᠷ᠎ᠠ ᠶᠢᠨ ᠬᠢ ᠠᠴᠠ 2 ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ 91.2% ᠢ ᠡᠵᠡᠯᠡᠵᠦ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 1.4% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠤᠨ 90.5% ᠶᠢ ᠡᠵᠡᠯᠡᠵᠦ᠂ ᠲᠦᠷᠦᠭᠦᠸ ᠰᠠᠷ᠎ᠠ ᠶᠢᠨ ᠬᠢ ᠠᠴᠠ ᠵᠠᠭᠤᠨ ᠤ 0.3 ᠨᠢᠭᠡᠴᠢ | ᠳᠡᠭᠡᠭᠰᠢᠯᠡᠵᠡᠢ᠃ ᠡᠭᠦᠨ ᠳᠤ ᠨᠡᠭᠦᠷᠡᠰᠦᠨ ᠤ ᠠᠵᠢᠯ ᠲᠥᠷᠥᠯ ᠠᠳᠠᠯᠢ ᠬᠤᠭᠤᠴᠠᠭᠠᠨ ᠤ ᠬᠢ ᠠᠴᠠ 1.1% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠤᠨ 48.2% ᠢ ᠡᠵᠡᠯᠡᠪᠡ᠃ | ᠭᠤᠷᠪᠠ᠂ ᠠᠷᠪᠠᠨ ᠤ ᠲᠤᠯᠤᠭᠠᠨ ᠬᠤᠪᠢ ᠶᠢ ᠳᠠᠪᠠᠭᠰᠠᠨ ᠠᠵᠢᠯ ᠲᠥᠷᠥᠯ ᠤᠨ ᠨᠡᠮᠡᠭᠳᠡᠯ ᠤᠨ ᠬᠤᠷᠳᠤᠴᠠ ᠨᠡᠮᠡᠭᠳᠡᠵᠦ᠂ ᠭᠤᠣᠯᠳᠠᠯᠭ᠎ᠠ ᠲᠠᠢ ᠠᠵᠢᠯ | ᠲᠥᠷᠥᠯ ᠤᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠨ᠎ᠠ | 1 ︱11 ᠳ᠋ᠦ᠋ᠭᠡᠷ ᠰᠠᠷ᠎ᠠ ᠳᠤ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 17 ᠭᠤᠣᠯ ᠠᠵᠢᠯ ᠲᠦᠷᠤᠯ ᠤᠨ | ᠳᠣᠲᠣᠷᠠᠬᠢ 13 ᠠᠵᠢᠯ ᠲᠦᠷᠤᠯ ᠤᠨ ᠨᠡᠮᠡᠭᠳᠡᠯ ᠦᠷᠲᠡᠭ ᠤᠨ ᠨᠡᠮᠡᠭᠳᠡᠯ ᠤᠨ ᠬᠤᠷᠳᠤᠴᠠ ᠪᠠᠨ ᠪᠠᠲᠤᠯᠠᠪᠠ᠃ ᠭᠤᠣᠯᠳᠠᠯᠭ᠎ᠠ ᠲᠠᠢ ᠠᠵᠢᠯ ᠲᠦᠷᠦᠯ ᠳᠠᠬᠢ ᠨᠡᠭᠦᠷᠡᠰᠦ | ᠮᠠᠯᠲᠠᠬᠤ ᠪᠠ ᠤᠬᠢᠶᠠᠵᠤ ᠰᠢᠯᠢᠬᠦ ᠦᠢᠯᠡᠰ 6.4% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ 1 ︱11 ᠳ᠋ᠦ᠋ᠭᠡᠷ ᠰᠠᠷ᠎ᠠ ᠶᠢᠨ ᠬᠢ ᠠᠴᠠ | ᠵᠠᠭᠤᠨ ᠤ 1.5 ᠨᠢᠭᠡᠴᠢ ᠲᠦᠷᠭᠡᠳᠪᠡ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠤ ᠦᠢᠯᠡᠳᠬᠦ ᠦᠢᠯᠡᠰ 7.0% ᠪᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ ᠨᠢᠳᠤᠨᠤᠨ ᠤ 1︱11 ᠳ᠋ᠦ᠋ᠭᠡᠷ ᠰᠠᠷ᠎ᠠ ᠶᠢᠨ ᠬᠢ ᠠᠴᠠ ᠵᠠᠭᠤᠨ ᠤ 4.1 ᠨᠢᠭᠡᠴᠢ ᠲᠦᠷᠭᠡᠳᠪᠡ︔ ᠴᠢᠯᠠᠭᠤᠨ ᠲᠣᠰᠣ ᠪᠠ | ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠮᠠᠯᠲᠠᠬᠤ ᠦᠢᠯᠡᠰ 1.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ 1 ︱ 11 ᠳ᠋ᠦ᠋ᠭᠡᠷ | ᠰᠠᠷ᠎ᠠ ᠶᠢᠨ ᠬᠢ ᠠᠴᠠ ᠵᠠᠭᠤᠨ ᠤ 7.0 ᠨᠢᠭᠡᠴᠢ ᠲᠦᠷᠭᠡᠳᠪᠡ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ | 4.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ 1︱11 ᠳ᠋ᠦ᠋ᠭᠡᠷ ᠰᠠᠷ᠎ᠠ ᠶᠢᠨ ᠬᠢ ᠠᠴᠠ ᠵᠠᠭᠤᠨ ᠤ 22.2 ᠨᠢᠭᠡᠴᠢ ᠪᠠᠷ ᠪᠠᠭᠤᠷᠠᠪᠠ᠃ | |