2024 ᠣᠨ ᠤ 1 ︱ 11ᠳ᠋ᠦ᠋ᠭᠡᠷ ᠰᠠᠷ᠎ᠠ ᠶᠢᠨ ᠣᠲᠤᠭ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠠᠶᠢᠳᠠᠯ ᠤᠨ ᠵᠠᠳᠠᠯᠤᠯᠲᠠ
ᠨᠡᠶᠢᠲᠡᠯᠡᠭᠰᠡᠨ ᠴᠠᠭ᠄
2025/1/8
      2024 ᠣᠨ ᠤ 1 ︱ 11ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ ᠲᠥᠷᠥᠯ ᠵᠦᠢᠯ ᠨᠡᠶᠢᠲᠡ 124 ︵ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 8 ᠪᠠᠭᠲᠠᠨ᠎ᠠ︶ ᠪᠠᠶᠢᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 10.4% ᠪᠠᠷ ᠨᠡᠮᠡᠭᠳᠡᠪᠡ᠂ ᠡᠭᠦᠨ ᠳᠤ᠄ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ  ᠬᠢ ᠠᠴᠠ 13.9% ᠪᠠᠷ ᠪᠠᠭᠤᠷᠠᠪᠠ᠃        ᠠᠵᠤ ᠦᠢᠯᠡᠰ ᠢᠶᠠᠷ ᠨᠢ ᠬᠤᠪᠢᠶᠠᠷᠢᠯᠠᠪᠠᠯ᠄      ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠤᠪᠢ ᠨᠡᠮᠡᠷᠢ ᠲᠣᠪᠣᠶᠢᠮ᠎ᠠ ᠪᠠᠶᠢᠨ᠎ᠠ᠃ 1︱11 ᠳ᠋ᠦ᠋ᠭᠡᠷ ᠰᠠᠷ᠎ᠠ ᠳᠤ᠂ ᠨᠢᠭᠡᠳᠦᠭᠡᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠪᠥᠬᠦ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 3.8% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5 ᠳᠠᠬᠢᠨ ᠨᠡᠮᠡᠭᠳᠡᠨ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 3.5 ᠨᠢᠭᠡᠴᠢ ᠳᠠᠶᠢᠴᠢᠯᠠᠪᠠ︔ ᠬᠤᠶᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠪᠥᠬᠦ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 89.9% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 16.8% ᠪᠠᠷ ᠨᠡᠮᠡᠭᠳᠡᠨ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 14.3 ᠨᠢᠭᠡᠴᠢ ᠳᠠᠶᠢᠴᠢᠯᠠᠪᠠ︔ ᠭᠤᠷᠪᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠪᠥᠬᠦ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 6.3% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 51.6% ᠪᠠᠷ ᠪᠠᠭᠤᠷᠠᠨ᠂ ᠪᠥᠬᠦ ᠪᠡᠯᠡ ᠣᠷᠣᠭᠤᠯᠤᠯᠲᠠ ᠶᠢ ᠵᠠᠭᠤᠨ ᠤ 7.4 ᠨᠢᠭᠡᠴᠢ ᠪᠠᠭᠤᠷᠠᠭᠤᠯᠬᠤ ᠶᠢ ᠳᠠᠶᠢᠴᠢᠯᠠᠪᠠ᠃ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠨᠢ ᠦᠷᠭᠦᠯᠵᠢᠯᠡᠨ ᠬᠦᠴᠦᠲᠡᠢ ᠲᠤᠯᠭᠠᠭᠤᠷᠢᠯᠠᠬᠤ ᠦᠢᠯᠡᠳᠦᠯ ᠢᠶᠠᠨ ᠪᠠᠳᠠᠷᠠᠭᠤᠯᠵᠤ᠂ ᠪᠥᠬᠦ ᠵᠢᠯ ᠤᠨ ᠪᠡᠯᠡ ᠣᠷᠣᠭᠤᠯᠤᠯᠲᠠ ᠶᠢᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠬᠤ ᠳᠤ ᠬᠦᠴᠦᠨ ᠨᠡᠮᠡᠷᠢᠯᠡᠪᠡ᠃        ᠬᠡᠪᠴᠢᠶ᠎ᠡ ᠪᠠᠷ ᠨᠢ ᠬᠤᠪᠢᠶᠠᠷᠢᠯᠠᠪᠠᠯ᠄      5000 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠳᠠᠶᠢᠴᠢᠯᠠᠬᠤ ᠦᠢᠯᠡᠳᠦᠯ ᠢᠯᠡᠷᠬᠡᠢ ᠪᠠᠶᠢᠨ᠎ᠠ᠃ 1︱11 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ 5000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠳᠠᠬᠢ ᠶᠡᠷᠦᠩᠬᠡᠢ ᠪᠡᠯᠡ ᠣᠷᠤᠭᠤᠯᠤᠯᠲᠠ ᠨᠢ ᠪᠥᠬᠦ ᠪᠡᠯᠡ ᠣᠷᠣᠭᠤᠯᠤᠯᠲᠠ ᠶᠢᠨ 95% ᠬᠤᠪᠢ ᠶᠢᠨ ᠵᠢᠩ ᠢ ᠡᠵᠡᠯᠡᠨ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 12.6% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 11.7 ᠨᠢᠭᠡᠴᠢ ᠳᠠᠶᠢᠴᠢᠯᠠᠪᠠ︔ ᠪᠥᠬᠦ ᠬᠤᠰᠢᠭᠤᠨ ᠤ 500 ᠲᠦᠮᠡ ᠠᠴᠠ 5000 ᠲᠦᠮᠡᠨ ᠲᠥᠭᠦᠷᠢᠭ ᠤᠨ ᠲᠥᠷᠥᠯ ᠵᠦᠢᠯ ᠳᠠᠬᠢ ᠶᠡᠷᠦᠩᠬᠡᠢ ᠪᠡᠯᠡ ᠣᠷᠣᠭᠤᠯᠤᠯᠲᠠ ᠨᠢ ᠪᠥᠬᠦ ᠪᠡᠯᠡ ᠣᠷᠣᠭᠤᠯᠤᠯᠲᠠ ᠶᠢᠨ 5% ᠬᠤᠪᠢ ᠶᠢᠨ ᠵᠢᠩ ᠢ ᠡᠵᠡᠯᠡᠨ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 9.6% ᠪᠠᠷ ᠪᠠᠭᠤᠷᠠᠵᠤ᠂ ᠪᠥᠬᠦ ᠪᠡᠯᠡ ᠣᠷᠣᠭᠤᠯᠤᠯᠲᠠ ᠶᠢ ᠵᠠᠭᠤᠨ ᠤ 0.6 ᠨᠢᠭᠡᠴᠢ ᠪᠠᠭᠤᠷᠠᠭᠤᠯᠪᠠ᠃ ᠨᠡᠯᠢᠶᠡᠳ ᠶᠡᠭᠡ ᠲᠦᠷᠦᠯ ᠵᠦᠢᠯ ᠨᠢ ᠰᠠᠭᠤᠷᠢ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠪᠡᠯᠡ ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠳᠤ ᠲᠠᠰᠤᠷᠠᠯᠲᠠ ᠦᠭᠡᠢ ᠬᠤᠪᠢ ᠨᠡᠮᠡᠷᠢ ᠪᠠᠨ ᠦᠵᠡᠭᠦᠯᠪᠡ᠃        ᠬᠦᠷᠢᠶ᠎ᠡ ᠬᠡᠪᠴᠢᠶ᠎ᠡ ᠪᠠᠷ ᠨᠢ ᠬᠤᠪᠢᠶᠠᠷᠢᠯᠠᠪᠠᠯ᠄      ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠳᠤ ᠦᠷᠭᠦᠯᠵᠢᠯᠡᠨ ᠬᠦᠴᠦᠯᠡᠪᠡ᠃ 1︱11 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠪᠥᠬᠦ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 40.7% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.3 ᠳᠠᠬᠢᠨ ᠨᠡᠮᠡᠭᠳᠡᠨ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 31.3 ᠨᠢᠭᠡᠴᠢ ᠳᠠᠶᠢᠴᠢᠯᠠᠪᠠ︔ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 45.1% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 10.3% ᠪᠠᠷ ᠨᠡᠮᠡᠭᠳᠡᠨ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 2 ᠨᠢᠭᠡᠴᠢ ᠳᠠᠶᠢᠴᠢᠯᠠᠪᠠ᠃ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠨᠢ ᠭᠤᠣᠯᠳᠠᠭᠤ ᠴᠠᠬᠢᠯᠭᠠᠨ ᠬᠦᠴᠦ ᠢᠯᠴᠢ ᠶᠢᠨ ᠬᠦᠴᠦ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠢ ᠳᠠᠶᠢᠴᠢᠯᠠᠬᠤ ᠳᠤ ᠲᠦᠰᠢᠭᠯᠡᠵᠦ᠂ ᠲᠣᠰ ᠵᠢᠯ ᠤᠨ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠭᠤᠣᠯ ᠨᠡᠮᠡᠭᠳᠡᠯ ᠤᠨ ᠴᠡᠭ ᠪᠣᠯᠪᠠ᠃        ᠪᠦᠷᠢᠯᠳᠦᠯ ᠢᠶᠠᠷ ᠨᠢ ᠬᠤᠪᠢᠶᠠᠷᠢᠯᠠᠪᠠᠯ᠄      ᠭᠤᠷᠪᠠᠳᠤᠭᠠᠷ ᠲᠦᠷᠦᠯ ᠤᠨ ᠪᠡᠯᠡ ᠣᠷᠣᠭᠤᠯᠤᠯᠲᠠ ᠶᠢᠨ ᠪᠦᠲᠦᠴᠡ ᠵᠡᠷᠭᠡᠪᠡᠷ ᠬᠥᠭᠵᠢᠵᠦ᠂ ᠲᠣᠭᠲᠠᠭᠤᠨ ᠢᠶᠠᠷ ᠨᠡᠮᠡᠭᠳᠡᠪᠡ᠃ 1︱11 ᠳ᠋ᠦ᠋ᠭᠡᠷ ᠰᠠᠷ᠎ᠠ ᠳᠤ᠂ ᠪᠣᠳᠠᠲᠤ ᠪᠣᠳᠠᠰ ᠤᠨ ᠠᠵᠢᠯ ᠤᠨ ᠬᠡᠮᠵᠢᠶ᠎ᠡ ᠶᠢ ᠲᠤᠰᠬᠠᠭᠰᠠᠨ ᠪᠠᠷᠢᠯᠭ᠎ᠠ ᠶᠢᠨ ᠤᠭᠰᠠᠷᠠᠭᠤᠯᠬᠤ ᠢᠨᠵᠧᠨᠧᠷᠢᠩ ᠤᠨ ᠪᠡᠯᠡ ᠣᠷᠣᠭᠤᠯᠤᠯᠲᠠ ᠶᠢᠨ ᠪᠥᠬᠦ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 56.8% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 38.6% ᠪᠠᠷ ᠨᠡᠮᠡᠭᠳᠡᠨ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 19.5 ᠨᠢᠭᠡᠴᠢ ᠨᠡᠮᠡᠭᠳᠡᠭᠦᠯᠪᠡ︔ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠪᠠᠨ ᠥᠷᠭᠡᠳᠬᠡᠬᠦ ᠶᠢ ᠲᠤᠰᠬᠠᠭᠰᠠᠨ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠪᠡᠯᠡ ᠣᠷᠣᠭᠤᠯᠤᠯᠲᠠ ᠶᠢᠨ ᠪᠥᠬᠦ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 39.4% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.7% ᠪᠠᠷ ᠨᠡᠮᠡᠭᠳᠡᠨ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 3.5 ᠨᠢᠭᠡᠴᠢ ᠳᠠᠶᠢᠴᠢᠯᠠᠪᠠ︔ ᠠᠵᠤ ᠠᠬᠤᠶᠢᠯᠠᠯ ᠤᠨ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠶᠠᠪᠤᠴᠠ ᠳᠤ ᠪᠣᠶ ᠪᠣᠯᠤᠭᠰᠠᠨ ᠪᠤᠰᠤᠳ ᠵᠠᠷᠤᠳᠠᠯ ᠤᠨ ᠪᠥᠬᠦ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 3.8% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 10.3% ᠪᠠᠷ ᠨᠡᠮᠡᠭᠳᠡᠨ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 0.4 ᠨᠢᠭᠡᠴᠢ ᠳᠠᠶᠢᠴᠢᠯᠠᠪᠠ᠃  
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ