ᠣᠲᠤᠭ ᠬᠤᠰᠢᠭᠤᠨ ᠤ 2024 ᠣᠨ ᠤ 11 ᠳ᠋ᠦ᠋ᠭᠡᠷ ᠰᠠᠷ᠎ᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠤᠨ ᠲᠣᠪᠴᠢ ᠵᠠᠳᠠᠯᠤᠯᠲᠠ
ᠨᠡᠶᠢᠲᠡᠯᠡᠭᠰᠡᠨ ᠴᠠᠭ᠄
2025/1/8
      2024 ᠣᠨ ᠤ 11 ᠳ᠋ᠦ᠋ᠭᠡᠷ ᠰᠠᠷ᠎ᠠ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 103.1 ᠳ᠋ᠦᠩᠰᠢᠭᠤᠷ ᠲᠥᠭᠦᠷᠢᠭ ᠲᠤ ᠬᠦᠷᠴᠦ᠂ ᠡᠵᠡᠩᠨᠡᠯᠲᠡ ᠶᠢᠨ ᠥᠪᠡᠷ ᠤᠨ ᠥᠷᠲᠡᠭ 90.6 ᠳ᠋ᠦᠩᠰᠢᠭᠤᠷ ᠲᠥᠭᠦᠷᠢᠭ᠂ ᠭᠠᠶᠢᠯᠢ ᠶᠢᠨ ᠮᠥᠩᠭᠦ ᠵᠢᠴᠢ ᠨᠡᠮᠡᠯᠲᠡ 2.9 ᠳ᠋ᠦᠩᠰᠢᠭᠤᠷ ᠲᠥᠭᠦᠷᠢᠭ᠂ ᠰᠤᠳᠤᠯᠤᠨ  ᠨᠡᠭᠡᠭᠡᠭᠰᠡᠨ ᠵᠠᠷᠤᠳᠠᠯ 2.1 ᠳ᠋ᠦᠩᠰᠢᠭᠤᠷ ᠲᠥᠭᠦᠷᠢᠭ᠂ ᠪᠤᠰᠤᠳ ᠠᠰᠢᠭ ᠣᠷᠣᠯᠭ᠎ᠠ 0.8 ᠳ᠋ᠦᠩᠰᠢᠭᠤᠷ ᠲᠥᠭᠦᠷᠢᠭ᠂ ᠪᠡᠯᠡ ᠣᠷᠣᠭᠤᠯᠤᠯᠲᠠ ᠶᠢᠨ ᠠᠰᠢᠭ ᠣᠷᠣᠯᠭ᠎ᠠ 7.3 ᠳ᠋ᠦᠩᠰᠢᠭᠤᠷ ᠲᠥᠭᠦᠷᠢᠭ᠂ ᠡᠵᠡᠩᠨᠡᠯᠲᠡ ᠶᠢᠨ ᠠᠰᠢᠭ ᠣᠷᠣᠯᠭ᠎ᠠ 10.4 ᠳ᠋ᠦᠩᠰᠢᠭᠤᠷ ᠲᠥᠭᠦᠷᠢᠭ᠂ ᠡᠵᠡᠩᠨᠡᠯᠲᠡ ᠠᠴᠠ ᠭᠠᠳᠠᠨᠠᠬᠢ ᠣᠷᠣᠯᠭ᠎ᠠ 0.1 ᠳ᠋ᠦᠩᠰᠢᠭᠤᠷ ᠲᠥᠭᠦᠷᠢᠭ᠂ ᠪᠡᠶᠡᠯᠡᠭᠦᠯᠦᠭᠰᠡᠨ ᠠᠰᠢᠭ ᠣᠷᠣᠯᠭ᠎ᠠ ᠶᠢᠨ ᠶᠡᠷᠦᠩᠬᠡᠢ ᠬᠡᠮᠵᠢᠶ᠎ᠡ 9.3 ᠳ᠋ᠦᠩᠰᠢᠭᠤᠷ ᠲᠥᠭᠦᠷᠢᠭ᠂ ᠠᠯᠳᠠᠭᠳᠠᠯ ᠲᠠᠢ ᠠᠵᠤ ᠠᠬᠤᠶᠢᠯᠠᠯ ᠤᠨ ᠠᠯᠳᠠᠭᠳᠠᠯ ᠤᠨ ᠶᠡᠷᠦᠩᠬᠡᠢ ᠬᠡᠮᠵᠢᠶ᠎ᠡ 4.4 ᠳ᠋ᠦᠩᠰᠢᠭᠤᠷ ᠲᠥᠭᠦᠷᠢᠭ᠂ ᠲᠤᠰᠢᠶᠠᠪᠠᠰᠤ ᠵᠣᠬᠢᠬᠤ ᠨᠡᠮᠡᠭᠳᠡᠯ ᠦᠷᠳᠡᠭ ᠤᠨ ᠭᠠᠶᠢᠯᠢ 2 ᠳ᠋ᠦᠩᠰᠢᠭᠤᠷ ᠲᠥᠭᠦᠷᠢᠭ᠂ ᠲᠤᠰᠢᠶᠠᠭᠰᠠᠨ ᠭᠠᠶᠢᠯᠢ ᠶᠢᠨ ᠮᠥᠩᠭᠦ ᠶᠢᠨ ᠶᠡᠷᠦᠩᠬᠡᠢ ᠲᠤᠭ᠎ᠠ 4.9 ᠳ᠋ᠦᠩᠰᠢᠭᠤᠷ ᠲᠥᠭᠦᠷᠢᠭ ᠬᠦᠷᠪᠡ᠃      ᠠᠭᠤᠷᠬᠠᠢ ᠮᠠᠯᠲᠠᠬᠤ ᠦᠢᠯᠡᠰ ᠤᠨ ᠡᠵᠡᠩᠨᠡᠯᠲᠡ ᠶᠢᠨ ᠣᠷᠣᠯᠭ᠎ᠠ 35.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25% ᠪᠠᠷ ᠪᠠᠭᠤᠷᠠᠨ᠂ ᠡᠵᠡᠩᠨᠡᠯᠲᠡ ᠶᠢᠨ ᠠᠰᠢᠭ ᠣᠷᠣᠯᠭ᠎ᠠ 6.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 59.2%  ᠢᠶᠠᠷ ᠪᠠᠭᠤᠷᠠᠨ᠂ ᠲᠤᠰᠢᠶᠠᠭᠰᠠᠨ ᠭᠠᠶᠢᠯᠢ ᠶᠢᠨ ᠮᠥᠩᠭᠦ ᠶᠢᠨ ᠶᠡᠷᠦᠩᠬᠡᠢ ᠲᠤᠭ᠎ᠠ 3.2 ᠳ᠋ᠦᠩᠰᠢᠭᠤᠷ ᠲᠥᠭᠦᠷᠢᠭ ᠲᠤ ᠬᠦᠷᠴᠡᠢ︔ ᠦᠢᠯᠡᠳᠬᠦ ᠦᠢᠯᠡᠰ ᠤᠨ ᠡᠵᠡᠩᠨᠡᠯᠲᠡ ᠶᠢᠨ ᠣᠷᠣᠯᠭ᠎ᠠ 50.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.4% ᠪᠠᠷ ᠪᠠᠭᠤᠷᠠᠨ᠂ ᠡᠵᠡᠩᠨᠡᠯᠲᠡ ᠶᠢᠨ ᠠᠰᠢᠭ ᠣᠷᠣᠯᠭ᠎ᠠ 1.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 150% ᠪᠠᠷ ᠨᠡᠮᠡᠭᠳᠡᠨ᠂ ᠲᠤᠰᠢᠶᠠᠭᠰᠠᠨ ᠭᠠᠶᠢᠯᠢ ᠶᠢᠨ ᠮᠥᠩᠭᠦ ᠶᠢᠨ ᠶᠡᠷᠦᠩᠬᠡᠢ ᠲᠤᠭ᠎ᠠ 1.3 ᠳ᠋ᠦᠩᠰᠢᠭᠤᠷ ᠲᠥᠭᠦᠷᠢᠭ ᠲᠤ ᠬᠦᠷᠴᠡᠢ︔ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ 17.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 11% ᠪᠠᠷ ᠨᠡᠮᠡᠭᠳᠡᠨ᠂ ᠡᠵᠡᠩᠨᠡᠯᠲᠡ ᠶᠢᠨ ᠠᠰᠢᠭ ᠣᠷᠣᠯᠭ᠎ᠠ 2.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 86% ᠪᠠᠷ ᠨᠡᠮᠡᠭᠳᠡᠨ᠂ ᠲᠤᠰᠢᠶᠠᠭᠰᠠᠨ ᠭᠠᠶᠢᠯᠢ ᠶᠢᠨ ᠮᠥᠩᠭᠦ ᠶᠢᠨ ᠶᠡᠷᠦᠩᠬᠡᠢ ᠲᠤᠭ᠎ᠠ 0.5 ᠳ᠋ᠦᠩᠰᠢᠭᠤᠷ ᠲᠥᠭᠦᠷᠢᠭ ᠲᠤ ᠬᠦᠷᠴᠡᠢ᠃  
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ