2024 ᠣᠨ ᠳᠤ᠂ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠢ | ᠥᠷᠲᠡᠭ ᠤᠨ ᠨᠡᠮᠡᠭᠳᠡᠯ ᠤᠨ ᠬᠤᠷᠳᠤᠴᠠ ᠳᠡᠭᠡᠷ᠎ᠡ ᠵᠢᠯ ᠤᠨ ᠬᠢ ᠠᠴᠠ ᠵᠠᠭᠤᠨ ᠤ 2.5 ᠨᠢᠭᠡᠴᠢ ᠲᠦᠷᠭᠡᠳᠪᠡ︔ ᠪᠥᠬᠦ ᠵᠢᠯ ᠳᠤ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠤᠨ ᠨᠡᠮᠡᠭᠳᠡᠯ ᠤᠨ ᠬᠤᠷᠳᠤᠴᠠ ᠨᠢ ᠠᠳᠠᠯᠢ ᠬᠤᠭᠤᠴᠠᠭᠠᠨ ᠤ ᠬᠢ ᠠᠴᠠ 3% ᠪᠠᠷ ᠨᠡᠮᠡᠭᠳᠡᠪᠡ᠃ | ᠨᠢᠭᠡ᠂ ᠭᠤᠷᠪᠠᠨ ᠶᠡᠭᠡ ᠲᠥᠷᠥᠯ ᠵᠦᠢᠯ ᠬᠠᠮᠵᠢᠯᠴᠠᠨ ᠬᠦᠴᠦᠯᠡᠵᠦ᠂ ᠦᠢᠯᠡᠳᠬᠦ ᠦᠢᠯᠡᠰ ᠤᠨ ᠪᠠᠭᠤᠷᠠᠯᠲᠠ ᠶᠢᠨ ᠬᠡᠮᠵᠢᠶ᠎ᠡ ᠦᠷᠭᠦᠯᠵᠢᠯᠡᠨ ᠪᠠᠭᠠᠰᠪᠠ | ᠪᠥᠬᠦ ᠬᠤᠰᠢᠭᠤᠨ ᠤ ᠪᠥᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ | ᠬᠢ ᠠᠴᠠ 4.4% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠬᠢ ᠠᠴᠠ ᠵᠠᠭᠤᠨ ᠤ 0.4 ᠨᠢᠭᠡᠴᠢ ᠳᠡᠭᠡᠭᠰᠢᠯᠡᠪᠡ︔ ᠦᠢᠯᠡᠳᠬᠦ | ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.3% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ | ᠵᠠᠭᠤᠨ ᠤ 1.4 ᠨᠢᠭᠡᠴᠢ ᠪᠠᠭᠠᠰᠪᠠ︔ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ | ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠸ ᠰᠠᠷ᠎ᠠ ᠶᠢᠨ ᠬᠢ ᠠᠴᠠ | ᠵᠠᠭᠤᠨ ᠤ 1.3 ᠨᠢᠭᠡᠴᠢ ᠳᠡᠭᠡᠭᠰᠢᠯᠡᠪᠡ᠃ | ᠬᠤᠶᠠᠷ᠂ ᠠᠷᠪᠠᠨ ᠤ ᠲᠤᠯᠤᠭᠠᠨ ᠬᠤᠪᠢ ᠶᠢᠨ ᠠᠵᠢᠯ ᠲᠦᠷᠦᠯ ᠤᠨ ᠨᠡᠮᠡᠭᠳᠡᠯ ᠤᠨ ᠬᠤᠷᠳᠤᠴᠠ ᠨᠡᠮᠡᠭᠳᠡᠯ ᠲᠠᠢ ᠪᠠᠶᠢᠵᠤ᠂ ᠭᠤᠣᠯᠳᠠᠯᠭ᠎ᠠ ᠲᠠᠢ ᠠᠵᠢᠯ | ᠲᠦᠷᠦᠯ ᠤᠨ ᠲᠤᠯᠭᠠᠭᠤᠷᠢᠯᠠᠯ ᠬᠦᠴᠦᠨ ᠲᠡᠭᠦᠯᠳᠡᠷ ᠪᠠᠶᠢᠨ᠎ᠠ | ᠪᠥᠬᠦ ᠬᠤᠰᠢᠭᠤᠨ ᠤ ᠪᠥᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 17 ᠭᠤᠣᠯ ᠪᠣᠯᠬᠤ ᠠᠵᠢᠯ ᠲᠥᠷᠥᠯ ᠤᠨ ᠳᠣᠲᠣᠷᠠᠬᠢ 13 | ᠠᠵᠢᠯ ᠲᠥᠷᠥᠯ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠪᠠᠨ ᠪᠠᠲᠤᠯᠠᠪᠠ᠃ ᠠᠵᠢᠯ ᠲᠥᠷᠥᠯ ᠤᠨ ᠨᠡᠮᠡᠭᠳᠡᠯ ᠤᠨ ᠬᠡᠪᠴᠢᠶ᠎ᠡ 76.5% ᠳᠤ ᠬᠥᠷᠪᠡ᠃ | ᠭᠤᠣᠯᠳᠠᠯᠭ᠎ᠠ ᠲᠠᠢ ᠠᠵᠢᠯ ᠲᠥᠷᠥᠯ ᠳᠠᠬᠢ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ | ᠬᠤᠭᠤᠴᠠᠭᠠᠨ ᠤ ᠬᠢ ᠠᠴᠠ 4.5% ᠪᠠᠷ ᠨᠡᠮᠡᠭᠳᠡᠵᠦ᠂ ᠨᠡᠮᠡᠭᠳᠡᠯ ᠥᠷᠲᠡᠭ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | 54.4% ᠶᠢ ᠡᠵᠡᠯᠡᠪᠡ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ | ᠬᠤᠷᠳᠤᠴᠠ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠵᠦ᠂ ᠨᠡᠮᠡᠭᠳᠡᠯ ᠥᠷᠲᠡᠭ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠤᠨ 14.2% ᠢ ᠡᠵᠡᠯᠡᠪᠡ︔ ᠴᠢᠯᠠᠭᠤᠨ ᠲᠣᠰᠣ ᠪᠠ ᠪᠠᠶᠢᠭᠠᠯᠢ ᠶᠢᠨ ᠰᠢᠲᠠᠮᠠᠬᠠᠢ ᠬᠡᠢ ᠶᠢᠨ ᠨᠡᠭᠡᠭᠡᠨ ᠮᠠᠯᠲᠠᠬᠤ ᠦᠢᠯᠡᠰ ᠤᠨ ᠨᠡᠮᠡᠭᠳᠡᠯ | ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 3.6% ᠪᠠᠷ ᠨᠡᠮᠡᠭᠳᠡᠵᠦ᠂ ᠨᠡᠮᠡᠭᠳᠡᠯ ᠥᠷᠲᠡᠭ ᠨᠢ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 11.2% ᠢ ᠡᠵᠡᠯᠡᠪᠡ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ | ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠵᠦ᠂ ᠨᠡᠮᠡᠭᠳᠡᠯ ᠥᠷᠲᠡᠭ ᠨᠢ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 7.7% ᠶᠢ ᠡᠵᠡᠯᠡᠪᠡ︔ ᠬᠠᠷ᠎ᠠ ᠲᠡᠮᠦᠷᠯᠢᠭ ᠪᠣᠯᠪᠠᠰᠤᠷᠠᠭᠤᠯᠬᠤ ᠪᠠ ᠳᠠᠷᠤᠵᠤ | ᠬᠠᠪᠲᠠᠭᠠᠶᠢᠷᠠᠭᠤᠯᠤᠨ ᠡᠳ᠋ᠰᠢᠭᠦᠯᠬᠦ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠵᠦ᠂ | ᠨᠡᠮᠡᠭᠳᠡᠯ ᠥᠷᠲᠡᠭ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 5.0% ᠶᠢ ᠡᠵᠡᠯᠡᠪᠡ᠃ | ᠭᠤᠷᠪᠠ᠂ ᠭᠤᠣᠯ ᠪᠣᠯᠬᠤ ᠦᠢᠯᠡᠳᠬᠦᠨ ᠤ ᠭᠠᠷᠤᠯᠲᠠ ᠶᠢᠨ ᠨᠡᠮᠡᠭᠳᠡᠯ ᠲᠣᠭᠲᠠᠭᠤᠨ ᠪᠠᠶᠢᠬᠤ ᠶᠢᠨ ᠵᠡᠷᠭᠡᠪᠡᠷ ᠰᠠᠶᠢᠵᠢᠷᠠᠵᠤ᠂ ᠨᠡᠮᠡᠭᠳᠡᠯ ᠨᠢ ᠪᠠᠭᠤᠷᠠᠯᠲᠠ ᠠᠴᠠ | ᠶᠡᠭᠡ ᠪᠠᠶᠢᠪᠠ | ᠪᠥᠬᠦ ᠬᠤᠰᠢᠭᠤᠨ ᠤ ᠪᠥᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 18 ᠵᠦᠢᠯ ᠤᠨ ᠭᠤᠣᠯ ᠪᠣᠯᠬᠤ ᠦᠢᠯᠡᠳᠬᠦᠨ ᠤ | ᠳᠣᠲᠣᠷᠠᠬᠢ 11 ᠵᠦᠢᠯ ᠤᠨ ᠦᠢᠯᠡᠳᠬᠦᠨ ᠤ ᠭᠠᠷᠤᠯᠲᠠ ᠶᠢᠨ ᠨᠡᠮᠡᠭᠳᠡᠯ ᠤᠨ ᠬᠤᠷᠳᠤᠴᠠ ᠨᠢ ᠬᠡᠪ ᠤᠨ ᠨᠡᠮᠡᠭᠳᠡᠯ ᠢᠶᠠᠨ ᠪᠠᠲᠤᠯᠠᠪᠠ᠃ ᠡᠭᠦᠨ ᠳᠤ ᠰᠢᠭᠡᠰᠦᠯᠢᠭ ᠡᠳ᠋ | 58.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ︔ ᠴᠠᠬᠢᠯᠠᠭᠤᠷ ᠴᠢᠯᠠᠭᠤ 430.3 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 3.6% ᠪᠠᠷ ᠨᠡᠮᠡᠭᠳᠡᠪᠡ︔ ᠢᠳᠡᠮᠡᠬᠡᠢ ᠬᠤᠵᠢᠷ 151.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 28.2% ᠢᠶᠠᠷ ᠨᠡᠮᠡᠭᠳᠡᠪᠡ︔ PVC 190.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.9% ᠪᠠᠷ ᠨᠡᠮᠡᠭᠳᠡᠪᠡ︔ | ᠴᠠᠬᠢᠭᠤᠷ ᠮᠠᠩᠭᠠᠨ 22.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 56.3% ᠪᠠᠷ ᠨᠡᠮᠡᠭᠳᠡᠪᠡ︔ ᠴᠠᠬᠢᠭᠤᠷᠲᠤ ᠲᠡᠮᠦᠷ 147.5 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.7% ᠪᠠᠷ ᠨᠡᠮᠡᠭᠳᠡᠪᠡ︔ ᠱᠦᠢᠨᠢ 279.9 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.8% ᠪᠠᠷ ᠨᠡᠮᠡᠭᠳᠡᠪᠡ᠃ | |