1—12 ᠳ᠋ᠤᠭᠠᠷ ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠬᠡᠷᠡᠭᠯᠡᠭᠰᠡᠨ ᠴᠠᠬᠢᠯᠭᠠᠨ ᠤ ᠬᠡᠮᠵᠢᠶ᠎ᠡ 392.6 ᠳ᠋ᠦᠩᠰᠢᠭᠤᠷ ᠭᠷᠡᠳᠦ᠋ᠰ ᠬᠦᠷᠪᠡ
ᠨᠡᠶᠢᠲᠡᠯᠡᠭᠰᠡᠨ ᠴᠠᠭ᠄
2025/2/10
      1—12 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠡᠶᠢᠲᠡ 392.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.8% ᠪᠠᠷ ᠨᠡᠮᠡᠭᠳᠡᠪᠡ᠃ ᠡᠭᠦᠨ ᠳᠤ᠂ ᠠᠭᠤᠷᠬᠠᠢ ᠮᠠᠯᠲᠠᠬᠤ ᠦᠢᠯᠡᠰ ᠤᠨ ᠴᠠᠬᠢᠯᠭᠠᠨ ᠬᠦᠴᠦᠨ ᠤ ᠬᠡᠷᠡᠭᠯᠡᠭᠡ 5.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 5.9% ᠪᠠᠷ ᠨᠡᠮᠡᠭᠳᠡᠪᠡ︔ ᠦᠢᠯᠡᠳᠬᠦ ᠦᠢᠯᠡᠰ ᠤᠨ ᠴᠠᠬᠢᠯᠭᠠᠨ ᠬᠦᠴᠦᠨ ᠤ ᠬᠡᠷᠡᠭᠯᠡᠭᠡ 359.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.7% ᠪᠠᠷ ᠨᠡᠮᠡᠭᠳᠡᠪᠡ︔ ᠴᠠᠬᠢᠯᠭᠠᠨ ᠬᠦᠴᠦ ᠢᠯᠴᠢ ᠶᠢᠨ ᠬᠦᠴᠦ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠴᠠᠬᠢᠯᠭᠠᠨ ᠬᠦᠴᠦᠨ ᠤ ᠬᠡᠷᠡᠭᠯᠡᠭᠡ 28.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ3.3% ᠪᠠᠷ ᠨᠡᠮᠡᠭᠳᠡᠪᠡ᠃
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ