1—12 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠲᠣᠭᠲᠠᠭᠤᠨ | ᠪᠥᠭᠡᠳ ᠡᠮᠬᠢ ᠵᠢᠷᠤᠮ ᠲᠠᠢ ᠦᠢᠯᠡᠳᠪᠦᠷᠢᠯᠡᠯ ᠤᠨ ᠬᠠᠨᠳᠤᠰᠢ ᠢᠯᠡᠷᠡᠪᠡ᠃ ᠲᠦᠭᠦᠬᠡᠢ ᠨᠡᠭᠦᠷᠡᠰᠦ᠂ ᠨᠠᠷᠢᠯᠢᠭ ᠨᠡᠭᠦᠷᠡᠰᠦ ᠵᠢᠴᠢ ᠴᠠᠬᠢᠯᠭᠠᠨ ᠭᠠᠷᠭᠠᠬᠤ ᠬᠡᠮᠵᠢᠶ᠎ᠡ ᠶᠢ | ᠪᠠᠭᠲᠠᠭᠠᠭᠰᠠᠨ ᠭᠤᠣᠯ ᠪᠣᠯᠬᠤ ᠡᠨᠧᠷᠭᠢ ᠶᠢᠨ ᠦᠢᠯᠡᠳᠬᠦᠨ ᠴᠥᠮ ᠠᠳᠠᠯᠢ ᠬᠤᠭᠤᠴᠠᠭᠠᠨ ᠤ ᠬᠢ ᠠᠴᠠ ᠲᠣᠭᠲᠠᠭᠤᠨ ᠢᠶᠠᠷ ᠨᠡᠮᠡᠭᠳᠡᠪᠡ᠃ ᠬᠡᠦᠷᠡᠰᠦ ᠶᠢᠨ | ᠦᠢᠯᠡᠳᠪᠦᠷᠢᠯᠡᠯ ᠦᠨᠳᠦᠰᠦᠨ ᠳᠡᠭᠡᠨ ᠲᠣᠭᠲᠠᠪᠤᠷᠢᠵᠢᠨ᠂ ᠨᠡᠮᠡᠭᠳᠡᠯ ᠤᠨ ᠬᠤᠷᠳᠤᠴᠠ ᠨᠢ ᠪᠠᠭ᠋ᠠᠨ ᠤᠳᠠᠭᠠᠰᠢᠷᠠᠪᠠ᠃ | 1—12 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠢ | ᠨᠡᠭᠦᠷᠡᠰᠦᠨ ᠤ ᠭᠠᠷᠤᠯᠲᠠ ᠨᠡᠶᠢᠲᠡ 4260.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.8% ᠪᠠᠷ ᠨᠡᠮᠡᠭᠳᠡᠪᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠠᠷᠢᠯᠢᠭ ᠨᠡᠭᠦᠷᠡᠰᠦᠨ ᠤ ᠭᠠᠷᠤᠯᠲᠠ ᠨᠡᠶᠢᠲᠡ 2000.9 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠬᠡᠦᠷᠡᠰᠦ ᠶᠢᠨ ᠶᠡᠷᠦᠩᠬᠡᠢ ᠭᠠᠷᠤᠯᠲᠠ 749.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.9% ᠪᠠᠷ ᠪᠠᠭᠤᠷᠠᠪᠠ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 369.8 ᠳ᠋ᠦᠩᠰᠢᠭᠤᠷ ᠺᠢᠯᠣᠸᠠᠲ | ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.9% ᠪᠠᠷ ᠨᠡᠮᠡᠭᠳᠡᠪᠡ᠃ | 2024 ᠣᠨ ᠳᠤ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠤᠣᠯ ᠪᠣᠯᠬᠤ ᠡᠨᠧᠷᠭᠢ ᠶᠢᠨ | ᠦᠢᠯᠡᠳᠬᠦᠨ ᠤ ᠦᠢᠯᠡᠳᠪᠦᠷᠢᠯᠡᠯ ᠤᠨ ᠲᠠᠯ᠎ᠠ ᠪᠠᠷ ᠢᠳᠡᠪᠬᠢᠲᠡᠢ ᠠᠬᠢᠯᠲᠠ ᠲᠠᠢ ᠪᠣᠯᠵᠤ᠂ ᠪᠦᠬᠦᠯᠢ ᠴᠣᠭᠴᠠ ᠪᠠᠷ ᠢᠶᠠᠨ ᠠᠮᠤᠷ ᠲᠣᠭᠲᠠᠭᠤᠨ ᠡᠮᠬᠢ ᠵᠢᠷᠤᠮ ᠢ | ᠪᠠᠲᠤᠯᠠᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠡᠶᠡᠯᠡᠭᠦᠯᠵᠦ᠂ ᠮᠠᠨ ᠤ ᠬᠤᠰᠢᠭᠤᠨ ᠤ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠳᠤ | ᠬᠦᠴᠦᠲᠡᠢ ᠳᠡᠮᠵᠢᠯᠭᠡ ᠬᠠᠩᠭᠠᠭᠰᠠᠨ ᠪᠠᠶᠢᠨ᠎ᠠ᠃ | |