ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠤᠪᠢᠷᠠᠭᠤᠯᠤᠯᠲᠠ ᠶᠢᠨ ᠠᠰᠢᠭᠯᠠᠮᠵᠢ 78.6% ᠬᠦᠷᠪᠡ
ᠨᠡᠶᠢᠲᠡᠯᠡᠭᠰᠡᠨ ᠴᠠᠭ᠄
2025/2/10
      2024 ᠣᠨ ᠤ 1—12 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠨᠧᠷᠭᠢ ᠶᠢᠨ ᠤᠷᠤᠭᠤᠯᠤᠯᠲᠠ ᠶᠢᠨ ᠬᠡᠮᠵᠢᠶ᠎ᠡ ᠨᠡᠶᠢᠲᠡ 5085.6 ᠲᠦᠮᠡᠨ ᠲᠣᠨ ᠪᠠᠷᠢᠮᠵᠢᠶᠠᠲᠤ ᠨᠡᠭᠦᠷᠡᠰᠦ ᠬᠦᠷᠴᠦ᠂ ᠭᠠᠷᠤᠯᠲᠠ ᠶᠢᠨ ᠬᠡᠮᠵᠢᠶ᠎ᠡ 3997.5 ᠲᠦᠮᠡᠨ ᠲᠣᠨ ᠪᠠᠷᠢᠮᠵᠢᠶᠠᠲᠤ ᠨᠡᠭᠦᠷᠡᠰᠦ ᠬᠦᠷᠦᠨ᠂ ᠡᠨᠧᠷᠭᠢ ᠶᠢᠨ ᠬᠤᠪᠢᠷᠠᠭᠤᠯᠤᠯᠲᠠ ᠶᠢᠨ ᠠᠰᠢᠭᠯᠠᠮᠵᠢ 78.6% ᠬᠦᠷᠪᠡ᠂ ᠡᠭᠦᠨ ᠳᠤ᠂ ᠳᠤᠯᠠᠭᠠᠯᠠᠭ᠎ᠠ ᠶᠢᠨ ᠬᠤᠪᠢᠷᠠᠭᠤᠯᠤᠯᠲᠠ ᠶᠢᠨ ᠠᠰᠢᠭᠯᠠᠮᠵᠢ 81.6% ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 1.7 ᠨᠢᠭᠡᠴᠢ ᠳᠡᠭᠡᠭᠰᠢᠯᠡᠪᠡ︔ ᠭᠠᠯ ᠢᠶᠠᠷ ᠴᠠᠬᠢᠯᠭᠠᠨ ᠭᠠᠷᠭᠠᠬᠤ ᠬᠤᠪᠢᠷᠠᠭᠤᠯᠤᠯᠲᠠ ᠶᠢᠨ ᠠᠰᠢᠭᠯᠠᠮᠵᠢ 37.6% ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ  ᠵᠠᠭᠤᠨ ᠤ 0.5 ᠨᠢᠭᠡᠴᠢ ᠳᠡᠭᠡᠭᠰᠢᠯᠡᠪᠡ︔ ᠬᠡᠦᠷᠡᠰᠦ ᠪᠣᠯᠪᠠᠰᠤᠷᠠᠭᠤᠯᠵᠤ ᠬᠤᠪᠢᠷᠠᠭᠤᠯᠬᠤ ᠠᠰᠢᠭᠯᠠᠮᠵᠢ 90.9% ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 0.3 ᠨᠢᠭᠡᠴᠢ ᠳᠡᠭᠡᠭᠰᠢᠯᠡᠪᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ