2 ᠳ᠋ᠤᠭᠠᠷ ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ | ᠵᠢᠩ ᠪᠦᠯᠬᠦᠮ ᠳᠠᠭᠠᠭᠤᠯᠤᠨ ᠬᠥᠬᠡᠬᠤᠲᠠ ᠳᠤ ᠬᠦᠷᠴᠦ ᠢᠯᠢ᠂ ᠮᠧᠩ ᠨᠢᠦ ᠪᠦᠯᠦᠭᠯᠡᠯ ᠤᠨ ᠪᠠᠶᠢᠳᠠᠯ ᠢ ᠣᠶᠢᠯᠠᠭᠠᠨ᠂ ᠣᠲᠤᠭ ᠤᠨ ᠣᠷᠢᠶᠠᠮᠠᠭ ᠵᠠᠮᠠᠭ ᠢ | ᠤᠬᠠᠭᠤᠯᠤᠨ ᠲᠠᠨᠢᠯᠴᠠᠭᠤᠯᠵᠤ᠂ ᠬᠠᠮᠲᠤᠷᠠᠨ ᠠᠵᠢᠯᠯᠠᠬᠤ ᠶᠠᠪᠤᠳᠠᠯ ᠢ ᠬᠠᠮᠲᠤ ᠪᠠᠷ ᠵᠥᠪᠳᠡᠯᠴᠡᠨ᠂ ᠬᠠᠮᠲᠤ ᠪᠠᠷ ᠠᠰᠢᠭ ᠬᠦᠷᠲᠡᠵᠦ ᠬᠥᠭᠵᠢᠬᠦ ᠶᠢ ᠠᠬᠢᠭᠤᠯᠪᠠ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠶᠠᠩ ᠱᠠᠩ ᡁᠢ᠂ ᠳᠤᠮᠳᠠᠳᠤ ᠤᠯᠤᠰ ᠤᠨ ᠠᠵᠤ ᠠᠬᠤᠢ ᠶᠢᠨ ᠮᠡᠳᠡᠭᠡ | ᠵᠠᠩᠭᠢ ᠶᠢᠨ ᠬᠤᠷᠢᠶ᠎ᠠ ᠶᠢᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠱᠢ ᠶᠧ᠂ ᠵᠧᠵᠢᠶᠠᠩ ᠶᠡᠭᠡ | ᠰᠤᠷᠭᠠᠭᠤᠯᠢ ᠶᠢᠨ ᠫᠷᠤᠹᠧᠰᠰᠤᠷ᠂ ᠵᠧᠵᠢᠶᠠᠩ ᠶᠡᠭᠡ ᠰᠤᠷᠭᠠᠭᠤᠯᠢ ︱ ᠣᠷᠳᠣᠰ ᠬᠤᠲᠠ ᠶᠢᠨ ᠣᠲᠤᠭ ᠬᠤᠰᠢᠭᠤᠨ ᠤ ᠠᠮᠢᠳᠤ ᠪᠣᠳᠠᠰ ᠤᠨ ᠡᠮ ᠡᠮᠨᠡᠯᠭᠡ ᠶᠢᠨ | ᠬᠠᠮᠲᠤᠷᠠᠭᠰᠠᠨ ᠰᠤᠳᠤᠯᠭᠠᠨ ᠤ ᠲᠥᠪ ᠤᠨ ᠡᠷᠬᠢᠯᠡᠭᠴᠢ ᠵᠧᠦ ᠮᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ | ᠯᠢᠦ ᠷᠦᠢ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠭᠦᠸᠧ ᠵᠣᠤ ᠬᠤᠶ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ | ᠣᠷᠢᠶᠠᠮᠠᠭ ᠵᠠᠮᠠᠭ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠷᠣᠯᠴᠠᠪᠠ᠃ | | | | | | ᠭᠤᠤ ᠬᠤᠸᠠᠢ ᠵᠢᠩ ᠨᠠᠷ ᠤᠷᠢᠳ ᠬᠤᠵᠢᠳ ᠢᠯᠢ᠂ ᠮᠸᠡᠭ ᠨᠢᠦ ᠪᠦᠯᠦᠭᠯᠡᠯ ᠤᠨ ᠦᠢᠯᠡᠳᠪᠦᠷᠢᠯᠡᠯ ᠤᠨ ᠲᠠᠰᠤᠭ ᠢ ᠲᠣᠭᠤᠷᠢᠨ ᠦᠵᠡᠭᠰᠡᠨ ᠪᠥᠭᠡᠳ ᠠᠵᠤ | ᠠᠬᠤᠶᠢᠯᠠᠯ ᠤᠨ ᠬᠠᠷᠢᠭᠤᠴᠠᠯᠭᠠᠲᠠᠨ ᠵᠢᠴᠢ ᠰᠤᠳᠤᠯᠤᠨ ᠨᠡᠭᠡᠭᠡᠬᠦ ᠲᠤᠰᠬᠠᠢ ᠮᠡᠷᠭᠡᠵᠢᠯᠲᠡᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ | | | | | | ᠰᠠᠭᠤᠳᠠᠯ ᠤᠨ ᠬᠤᠷᠠᠯ ᠳᠡᠭᠡᠷ᠎ᠡ᠂ ᠤᠲᠤᠭ ᠬᠤᠰᠢᠭᠤᠨ ᠤ ᠣᠷᠢᠶᠠᠮᠠᠭ ᠵᠠᠮᠠᠭ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠷᠢᠶᠠᠮᠠᠭ ᠵᠠᠮᠠᠭ ᠤᠨ ᠠᠵᠤ | ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ᠂ ᠵᠧᠦ ᠮᠢᠨ ᠫᠷᠤᠹᠧᠰᠰᠤᠷ ᠣᠷᠢᠶᠠᠮᠠᠭ ᠵᠠᠮᠠᠭ ᠤᠨ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ | ᠰᠤᠳᠤᠯᠭᠠᠨ ᠤ ᠦᠷ᠎ᠡ ᠪᠦᠲᠦᠭᠡᠯ᠂ ᠰᠢᠨ᠎ᠡ ᠬᠡᠯᠪᠡᠷᠢ ᠶᠢᠨ ᠣᠷᠢᠶᠠᠮᠠᠭ ᠵᠠᠮᠠᠭ ᠤᠨ ᠪᠦᠲᠦᠭᠡᠭᠳᠡᠬᠦᠨ ᠤ ᠤᠷ᠎ᠠ ᠮᠡᠷᠭᠡᠵᠢᠯ ᠤᠨ ᠠᠬᠢᠴᠠ ᠵᠢᠴᠢ ᠬᠠᠮᠲᠤᠷᠠᠯᠴᠠᠭᠠᠨ ᠤ | ᠰᠡᠳᠬᠢᠴᠡ ᠶᠢ ᠲᠠᠨᠢᠯᠴᠠᠭᠤᠯᠪᠠ᠃ ᠢᠯᠢ᠂ ᠮᠧᠩ ᠨᠢᠦ ᠶᠢᠨ ᠬᠠᠮᠢᠶ᠎ᠠ ᠪᠦᠬᠦᠢ ᠰᠤᠳᠤᠯᠤᠨ ᠨᠡᠭᠡᠭᠡᠬᠦ ᠲᠤᠰᠬᠠᠢ ᠮᠡᠷᠭᠡᠵᠢᠯᠲᠡᠨ ᠠᠵᠤ ᠠᠬᠤᠶᠢᠯᠠᠯ ᠤᠨ ᠰᠤᠳᠤᠯᠤᠨ | ᠨᠡᠭᠡᠭᠡᠵᠦ ᠰᠢᠨ᠎ᠡ ᠶᠢ ᠡᠭᠦᠳᠦᠭᠰᠡᠨ ᠲᠣᠶᠢᠮᠣ ᠪᠠᠶᠢᠳᠠᠯ ᠢ ᠲᠠᠨᠢᠯᠴᠠᠭᠤᠯᠪᠠ᠃ | ᠭᠤᠸ ᠬᠤᠸᠠᠢ ᠵᠢᠩ ᠬᠡᠯᠡᠬᠦ ᠳᠡᠭᠡᠨ᠂ ᠣᠲᠤᠭ ᠬᠤᠰᠢᠭᠤᠨ ᠳᠤ ᠢᠮᠠᠭᠠᠨ ᠨᠤᠤᠯᠤᠭᠤᠷ᠂ ᠢᠮᠠᠭᠠᠨ ᠮᠢᠬ᠎ᠠ᠂ ᠣᠷᠢᠶᠠᠮᠠᠭ ᠵᠠᠮᠠᠭ ᠭᠡᠬᠦ ︽ᠭᠤᠷᠪᠠᠨ ᠡᠷᠳᠡᠨᠢ︾ | ᠪᠠᠶᠢᠳᠠᠭ᠂ ᠡᠭᠦᠨ ᠳᠤ ᠢᠮᠠᠭᠠᠨ ᠮᠢᠬ᠎ᠠ ᠪᠠ ᠣᠷᠢᠶᠠᠮᠠᠭ ᠵᠠᠮᠠᠭ ᠨᠢ ︽ᠳᠤᠮᠳᠠᠳᠤ ᠡᠸᠦ᠋ᠷᠦᠫᠡ ᠶᠢᠨ ᠭᠠᠵᠠᠷ ᠵᠦᠢ ᠶᠢᠨ ᠪᠡᠯᠭᠡ ᠲᠡᠮᠳᠡᠭ ᠤᠨ ᠬᠡᠯᠡᠯᠴᠡᠭᠡᠷ︾ ᠤᠨ | ᠬᠠᠷᠢᠯᠴᠠᠨ ᠮᠡᠳᠡᠷᠡᠬᠦ ᠪᠦᠲᠦᠭᠡᠭᠳᠡᠬᠦᠨ ᠳᠤ ᠰᠣᠩᠭᠤᠭᠳᠠᠨ ᠣᠷᠣᠵᠤ᠂ ᠣᠲᠤᠭ ᠤᠨ ᠪᠦᠲᠦᠭᠡᠭᠳᠡᠬᠦᠨ ᠲᠠᠯ᠎ᠠ ᠨᠤᠲᠤᠭ ᠠᠴᠠ ᠭᠠᠷᠴᠤ ᠳᠡᠯᠡᠬᠡᠢ ᠳᠠᠬᠢᠨ ᠳᠤ | ᠲᠠᠨᠢᠭᠳᠠᠵᠠᠢ᠃ ᠣᠶᠢᠷ᠎ᠠ ᠶᠢᠨ ᠵᠢᠯ ᠤᠳ ᠲᠤ᠂ ᠤᠲᠤᠭ ᠬᠤᠰᠢᠭᠤ ᠣᠷᠢᠶᠠᠮᠠᠭ ᠵᠠᠮᠠᠭ ᠢ ᠨᠡᠭᠡᠭᠡᠨ ᠠᠰᠢᠭᠯᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠤᠨ᠂ | ᠵᠧᠵᠢᠶᠠᠩ ᠶᠡᠭᠡ ᠰᠤᠷᠭᠠᠭᠤᠯᠢ ︱ ᠣᠷᠳᠣᠰ ᠬᠤᠳᠠ ᠶᠢᠨ ᠤᠲᠤᠭ ᠬᠤᠰᠢᠭᠤᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠬᠠᠮᠲᠤᠷᠠᠭᠰᠠᠨ ᠰᠤᠳᠤᠯᠭᠠᠨ ᠤ ᠲᠥᠪ ᠢ | ᠡᠬᠢᠯᠡᠭᠦᠯᠦᠨ ᠠᠵᠢᠯᠯᠠᠭᠤᠯᠵᠤ᠂ ᠠᠮᠢᠳᠤ ᠪᠣᠳᠠᠰ ᠤᠨ ᠡᠮ ᠡᠮᠨᠡᠯᠭᠡ᠂ ᠡᠷᠡᠭᠦᠯᠵᠢᠯ ᠤᠨ ᠪᠦᠲᠦᠭᠡᠭᠳᠡᠬᠦᠨ ᠤ ᠬᠦᠷᠢᠶᠡᠨ ᠳᠤ ᠨᠢᠭᠡ ᠪᠦᠯᠦᠭ ᠰᠢᠨᠵᠢᠯᠡᠬᠦ ᠤᠬᠠᠭᠠᠨ ᠤ | ᠰᠤᠳᠤᠯᠭᠠᠨ ᠤ ᠦᠷ᠎ᠡ ᠪᠦᠲᠦᠭᠡᠯ ᠢ ᠪᠤᠢ ᠪᠣᠯᠭᠠᠭᠠᠳ ᠲᠤᠷᠰᠢᠯᠭ᠎ᠠ ᠲᠠᠢ᠂ ᠪᠣᠳᠠᠲᠤ ᠬᠦᠴᠦᠨ ᠲᠠᠢ ᠠᠵᠤ ᠠᠬᠤᠶᠢᠯᠠᠯ ᠠᠴᠠ ᠮᠠᠨ ᠤ ᠦᠷ᠎ᠡ ᠪᠦᠲᠦᠭᠡᠯ ᠢ | ᠤᠯᠠᠷᠢᠭᠤᠯᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠴᠢᠬᠤᠯᠠᠲᠠᠢ ᠪᠠᠶᠢᠨ᠎ᠠ᠃ ᠢᠯᠢ᠂ ᠮᠸᠡᠭ ᠨᠢᠦ ᠪᠦᠯᠦᠭᠯᠡᠯ ᠨᠢ ᠳᠤᠮᠳᠠᠳᠤ ᠤᠯᠤᠰ ᠤᠨ ᠲᠡᠷᠢᠭᠦᠨ ᠤ ᠴᠠᠭᠠᠨ | ᠢᠳᠡᠭᠡ ᠦᠢᠯᠡᠳᠪᠦᠷᠢᠯᠡᠬᠦ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠪᠦᠬᠦ ᠪᠥᠮᠪᠥᠷᠴᠡᠭ᠂ ᠪᠦᠬᠦ ᠠᠵᠤ ᠦᠢᠯᠡᠰ ᠤᠨ ᠬᠡᠯᠬᠢᠶ᠎ᠡ ᠳᠤ ᠬᠠᠨᠳᠤᠭᠤᠯᠤᠨ ᠭᠦᠨᠵᠡᠭᠡᠢ | ᠠᠭᠤᠳᠠᠯᠵᠤ ᠬᠥᠭᠵᠢᠭᠦᠯᠵᠦ ᠪᠤᠢ᠃ ᠢᠯᠢ᠂ ᠮᠧᠩ ᠨᠢᠦ ᠵᠡᠷᠭᠡ ᠨᠠᠷᠠᠲᠤ ᠠᠵᠤ ᠠᠬᠤᠶᠢᠯᠠᠯ ᠲᠠᠢ ᠣᠷᠢᠶᠠᠮᠠᠭ ᠵᠠᠮᠠᠭ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠴᠢᠩᠭᠠᠳᠬᠠᠵᠤ᠂ ᠣᠷᠢᠶᠠᠮᠠᠭ ᠵᠠᠮᠠᠭ ᠤᠨ ᠪᠦᠲᠦᠭᠡᠭᠳᠡᠬᠦᠨ ᠤ ᠨᠡᠮᠡᠯᠲᠡ ᠥᠷᠲᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠴᠠᠭᠠᠨ ᠢᠳᠡᠭᠡ ᠪᠣᠯᠣᠨ ᠣᠷᠢᠶᠠᠮᠠᠭ | ᠵᠠᠮᠠᠭ ᠤᠨ ᠬᠠᠮᠵᠢᠯᠴᠠᠨ ᠬᠥᠭᠵᠢᠬᠦ ᠶᠢ ᠪᠡᠶᠡᠯᠡᠭᠦᠯᠵᠦ᠂ ᠣᠷᠢᠶᠠᠮᠠᠭ ᠵᠠᠮᠠᠭ ᠤᠨ ᠠᠵᠤ ᠦᠢᠯᠡᠰ ᠤᠨ ᠳᠡᠭᠡᠳᠦ ᠲᠡᠰᠵᠢᠬᠦ᠂ ᠨᠠᠷᠠᠲᠤ ᠲᠡᠮᠳᠡᠭᠵᠢᠬᠦ ᠶᠢ ᠠᠯᠬᠤᠮ | ᠠᠯᠬᠤᠮ ᠢᠶᠠᠷ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃ | ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠤᠰ ᠤᠳᠠᠭ᠎ᠠ ᠶᠢᠨ ᠰᠣᠯᠢᠯᠴᠠᠭ᠎ᠠ ᠶᠠᠷᠢᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠠᠵᠤ | ᠠᠬᠤᠶᠢᠯᠠᠯ ᠤᠨ ᠤᠳᠤ ᠶᠢᠨ ᠪᠠᠶᠢᠭ᠎ᠠ ᠰᠤᠳᠤᠯᠭᠠᠨ ᠤ ᠴᠢᠭᠯᠡᠯ ᠲᠠᠢ ᠤᠶᠠᠯᠳᠤᠭᠤᠯᠤᠨ᠂ ᠬᠠᠷᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠡᠷᠡᠭᠯᠡᠭᠡᠨ ᠤ | ᠪᠠᠶᠢᠳᠠᠯ ᠢ ᠳᠠᠰᠤᠷᠠᠯᠳᠠ ᠦᠭᠡᠢ ᠥᠷᠭᠡᠳᠬᠡᠨ᠂ ᠬᠠᠷᠢᠯᠴᠠᠨ ᠬᠠᠷᠠᠭᠠᠯᠵᠠᠬᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ | ᠪᠠᠶᠢᠨ᠎ᠠ ᠭᠡᠵᠦ ᠰᠠᠨᠠᠯ ᠨᠢᠭᠡᠲᠡᠢ ᠢᠯᠡᠷᠬᠡᠶᠢᠯᠡᠪᠡ᠃ | |