ᠭᠤᠸ ᠬᠤᠸᠠᠢ ᠵᠢᠩ ᠪᠦᠯᠬᠦᠮ ᠳᠠᠭᠠᠭᠤᠯᠤᠨ ᠬᠥᠬᠡᠬᠤᠲᠠ ᠳᠤ ᠬᠦᠷᠴᠦ ᠢᠯᠢ᠂ ᠮᠧᠩ ᠨᠢᠦ ᠪᠦᠯᠦᠭᠯᠡᠯ ᠤᠨ ᠪᠠᠶᠢᠳᠠᠯ ᠢ ᠣᠶᠢᠯᠠᠭᠠᠪᠠ
ᠨᠡᠶᠢᠲᠡᠯᠡᠭᠰᠡᠨ ᠴᠠᠭ᠄
2025/2/12
      2 ᠳ᠋ᠤᠭᠠᠷ ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠪᠦᠯᠬᠦᠮ ᠳᠠᠭᠠᠭᠤᠯᠤᠨ ᠬᠥᠬᠡᠬᠤᠲᠠ ᠳᠤ ᠬᠦᠷᠴᠦ ᠢᠯᠢ᠂ ᠮᠧᠩ ᠨᠢᠦ ᠪᠦᠯᠦᠭᠯᠡᠯ ᠤᠨ ᠪᠠᠶᠢᠳᠠᠯ ᠢ ᠣᠶᠢᠯᠠᠭᠠᠨ᠂ ᠣᠲᠤᠭ ᠤᠨ ᠣᠷᠢᠶᠠᠮᠠᠭ ᠵᠠᠮᠠᠭ ᠢ ᠤᠬᠠᠭᠤᠯᠤᠨ ᠲᠠᠨᠢᠯᠴᠠᠭᠤᠯᠵᠤ᠂ ᠬᠠᠮᠲᠤᠷᠠᠨ ᠠᠵᠢᠯᠯᠠᠬᠤ ᠶᠠᠪᠤᠳᠠᠯ ᠢ ᠬᠠᠮᠲᠤ ᠪᠠᠷ ᠵᠥᠪᠳᠡᠯᠴᠡᠨ᠂ ᠬᠠᠮᠲᠤ ᠪᠠᠷ ᠠᠰᠢᠭ ᠬᠦᠷᠲᠡᠵᠦ ᠬᠥᠭᠵᠢᠬᠦ ᠶᠢ ᠠᠬᠢᠭᠤᠯᠪᠠ᠃ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠶᠠᠩ ᠱᠠᠩ ᡁᠢ᠂ ᠳᠤᠮᠳᠠᠳᠤ ᠤᠯᠤᠰ ᠤᠨ ᠠᠵᠤ ᠠᠬᠤᠢ ᠶᠢᠨ ᠮᠡᠳᠡᠭᠡ ᠵᠠᠩᠭᠢ ᠶᠢᠨ ᠬᠤᠷᠢᠶ᠎ᠠ ᠶᠢᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠱᠢ ᠶᠧ᠂ ᠵᠧᠵᠢᠶᠠᠩ ᠶᠡᠭᠡ ᠰᠤᠷᠭᠠᠭᠤᠯᠢ ᠶᠢᠨ ᠫᠷᠤᠹᠧᠰᠰᠤᠷ᠂ ᠵᠧᠵᠢᠶᠠᠩ ᠶᠡᠭᠡ ᠰᠤᠷᠭᠠᠭᠤᠯᠢ ︱ ᠣᠷᠳᠣᠰ ᠬᠤᠲᠠ ᠶᠢᠨ ᠣᠲᠤᠭ ᠬᠤᠰᠢᠭᠤᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠬᠠᠮᠲᠤᠷᠠᠭᠰᠠᠨ ᠰᠤᠳᠤᠯᠭᠠᠨ ᠤ ᠲᠥᠪ ᠤᠨ ᠡᠷᠬᠢᠯᠡᠭᠴᠢ ᠵᠧᠦ ᠮᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠭᠦᠸᠧ ᠵᠣᠤ ᠬᠤᠶ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠣᠷᠢᠶᠠᠮᠠᠭ ᠵᠠᠮᠠᠭ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠷᠣᠯᠴᠠᠪᠠ᠃      ᠭᠤᠤ ᠬᠤᠸᠠᠢ ᠵᠢᠩ ᠨᠠᠷ ᠤᠷᠢᠳ ᠬᠤᠵᠢᠳ ᠢᠯᠢ᠂ ᠮᠸᠡᠭ ᠨᠢᠦ ᠪᠦᠯᠦᠭᠯᠡᠯ ᠤᠨ ᠦᠢᠯᠡᠳᠪᠦᠷᠢᠯᠡᠯ ᠤᠨ ᠲᠠᠰᠤᠭ ᠢ ᠲᠣᠭᠤᠷᠢᠨ ᠦᠵᠡᠭᠰᠡᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠰᠤᠳᠤᠯᠤᠨ ᠨᠡᠭᠡᠭᠡᠬᠦ ᠲᠤᠰᠬᠠᠢ ᠮᠡᠷᠭᠡᠵᠢᠯᠲᠡᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠰᠠᠭᠤᠳᠠᠯ ᠤᠨ ᠬᠤᠷᠠᠯ ᠳᠡᠭᠡᠷ᠎ᠡ᠂ ᠤᠲᠤᠭ ᠬᠤᠰᠢᠭᠤᠨ ᠤ ᠣᠷᠢᠶᠠᠮᠠᠭ ᠵᠠᠮᠠᠭ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠷᠢᠶᠠᠮᠠᠭ ᠵᠠᠮᠠᠭ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ᠂ ᠵᠧᠦ ᠮᠢᠨ ᠫᠷᠤᠹᠧᠰᠰᠤᠷ ᠣᠷᠢᠶᠠᠮᠠᠭ ᠵᠠᠮᠠᠭ ᠤᠨ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ᠂ ᠰᠢᠨ᠎ᠡ ᠬᠡᠯᠪᠡᠷᠢ ᠶᠢᠨ ᠣᠷᠢᠶᠠᠮᠠᠭ ᠵᠠᠮᠠᠭ ᠤᠨ ᠪᠦᠲᠦᠭᠡᠭᠳᠡᠬᠦᠨ ᠤ ᠤᠷ᠎ᠠ ᠮᠡᠷᠭᠡᠵᠢᠯ ᠤᠨ ᠠᠬᠢᠴᠠ ᠵᠢᠴᠢ ᠬᠠᠮᠲᠤᠷᠠᠯᠴᠠᠭᠠᠨ ᠤ ᠰᠡᠳᠬᠢᠴᠡ ᠶᠢ ᠲᠠᠨᠢᠯᠴᠠᠭᠤᠯᠪᠠ᠃ ᠢᠯᠢ᠂ ᠮᠧᠩ ᠨᠢᠦ ᠶᠢᠨ ᠬᠠᠮᠢᠶ᠎ᠠ ᠪᠦᠬᠦᠢ ᠰᠤᠳᠤᠯᠤᠨ ᠨᠡᠭᠡᠭᠡᠬᠦ ᠲᠤᠰᠬᠠᠢ ᠮᠡᠷᠭᠡᠵᠢᠯᠲᠡᠨ ᠠᠵᠤ ᠠᠬᠤᠶᠢᠯᠠᠯ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠦᠭᠰᠡᠨ ᠲᠣᠶᠢᠮᠣ ᠪᠠᠶᠢᠳᠠᠯ ᠢ ᠲᠠᠨᠢᠯᠴᠠᠭᠤᠯᠪᠠ᠃      ᠭᠤᠸ ᠬᠤᠸᠠᠢ ᠵᠢᠩ ᠬᠡᠯᠡᠬᠦ ᠳᠡᠭᠡᠨ᠂ ᠣᠲᠤᠭ ᠬᠤᠰᠢᠭᠤᠨ ᠳᠤ ᠢᠮᠠᠭᠠᠨ ᠨᠤᠤᠯᠤᠭᠤᠷ᠂ ᠢᠮᠠᠭᠠᠨ ᠮᠢᠬ᠎ᠠ᠂ ᠣᠷᠢᠶᠠᠮᠠᠭ ᠵᠠᠮᠠᠭ ᠭᠡᠬᠦ ︽ᠭᠤᠷᠪᠠᠨ ᠡᠷᠳᠡᠨᠢ︾ ᠪᠠᠶᠢᠳᠠᠭ᠂ ᠡᠭᠦᠨ ᠳᠤ ᠢᠮᠠᠭᠠᠨ ᠮᠢᠬ᠎ᠠ ᠪᠠ ᠣᠷᠢᠶᠠᠮᠠᠭ ᠵᠠᠮᠠᠭ ᠨᠢ ︽ᠳᠤᠮᠳᠠᠳᠤ ᠡᠸᠦ᠋ᠷᠦᠫᠡ ᠶᠢᠨ ᠭᠠᠵᠠᠷ ᠵᠦᠢ ᠶᠢᠨ ᠪᠡᠯᠭᠡ ᠲᠡᠮᠳᠡᠭ ᠤᠨ ᠬᠡᠯᠡᠯᠴᠡᠭᠡᠷ︾ ᠤᠨ ᠬᠠᠷᠢᠯᠴᠠᠨ ᠮᠡᠳᠡᠷᠡᠬᠦ ᠪᠦᠲᠦᠭᠡᠭᠳᠡᠬᠦᠨ ᠳᠤ ᠰᠣᠩᠭᠤᠭᠳᠠᠨ ᠣᠷᠣᠵᠤ᠂ ᠣᠲᠤᠭ ᠤᠨ ᠪᠦᠲᠦᠭᠡᠭᠳᠡᠬᠦᠨ ᠲᠠᠯ᠎ᠠ ᠨᠤᠲᠤᠭ ᠠᠴᠠ ᠭᠠᠷᠴᠤ ᠳᠡᠯᠡᠬᠡᠢ ᠳᠠᠬᠢᠨ ᠳᠤ ᠲᠠᠨᠢᠭᠳᠠᠵᠠᠢ᠃ ᠣᠶᠢᠷ᠎ᠠ ᠶᠢᠨ ᠵᠢᠯ ᠤᠳ ᠲᠤ᠂ ᠤᠲᠤᠭ ᠬᠤᠰᠢᠭᠤ ᠣᠷᠢᠶᠠᠮᠠᠭ ᠵᠠᠮᠠᠭ ᠢ ᠨᠡᠭᠡᠭᠡᠨ ᠠᠰᠢᠭᠯᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠤᠨ᠂ ᠵᠧᠵᠢᠶᠠᠩ ᠶᠡᠭᠡ ᠰᠤᠷᠭᠠᠭᠤᠯᠢ ︱ ᠣᠷᠳᠣᠰ ᠬᠤᠳᠠ ᠶᠢᠨ ᠤᠲᠤᠭ ᠬᠤᠰᠢᠭᠤᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠬᠠᠮᠲᠤᠷᠠᠭᠰᠠᠨ ᠰᠤᠳᠤᠯᠭᠠᠨ ᠤ ᠲᠥᠪ ᠢ ᠡᠬᠢᠯᠡᠭᠦᠯᠦᠨ ᠠᠵᠢᠯᠯᠠᠭᠤᠯᠵᠤ᠂ ᠠᠮᠢᠳᠤ ᠪᠣᠳᠠᠰ ᠤᠨ ᠡᠮ ᠡᠮᠨᠡᠯᠭᠡ᠂ ᠡᠷᠡᠭᠦᠯᠵᠢᠯ ᠤᠨ ᠪᠦᠲᠦᠭᠡᠭᠳᠡᠬᠦᠨ ᠤ ᠬᠦᠷᠢᠶᠡᠨ ᠳᠤ ᠨᠢᠭᠡ ᠪᠦᠯᠦᠭ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠪᠤᠢ ᠪᠣᠯᠭᠠᠭᠠᠳ ᠲᠤᠷᠰᠢᠯᠭ᠎ᠠ ᠲᠠᠢ᠂ ᠪᠣᠳᠠᠲᠤ ᠬᠦᠴᠦᠨ ᠲᠠᠢ ᠠᠵᠤ ᠠᠬᠤᠶᠢᠯᠠᠯ ᠠᠴᠠ ᠮᠠᠨ ᠤ ᠦᠷ᠎ᠡ ᠪᠦᠲᠦᠭᠡᠯ ᠢ ᠤᠯᠠᠷᠢᠭᠤᠯᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠴᠢᠬᠤᠯᠠᠲᠠᠢ ᠪᠠᠶᠢᠨ᠎ᠠ᠃ ᠢᠯᠢ᠂ ᠮᠸᠡᠭ ᠨᠢᠦ ᠪᠦᠯᠦᠭᠯᠡᠯ ᠨᠢ ᠳᠤᠮᠳᠠᠳᠤ ᠤᠯᠤᠰ ᠤᠨ ᠲᠡᠷᠢᠭᠦᠨ ᠤ ᠴᠠᠭᠠᠨ ᠢᠳᠡᠭᠡ ᠦᠢᠯᠡᠳᠪᠦᠷᠢᠯᠡᠬᠦ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠪᠦᠬᠦ ᠪᠥᠮᠪᠥᠷᠴᠡᠭ᠂ ᠪᠦᠬᠦ ᠠᠵᠤ ᠦᠢᠯᠡᠰ ᠤᠨ ᠬᠡᠯᠬᠢᠶ᠎ᠡ ᠳᠤ ᠬᠠᠨᠳᠤᠭᠤᠯᠤᠨ ᠭᠦᠨᠵᠡᠭᠡᠢ ᠠᠭᠤᠳᠠᠯᠵᠤ ᠬᠥᠭᠵᠢᠭᠦᠯᠵᠦ ᠪᠤᠢ᠃ ᠢᠯᠢ᠂ ᠮᠧᠩ ᠨᠢᠦ ᠵᠡᠷᠭᠡ ᠨᠠᠷᠠᠲᠤ ᠠᠵᠤ ᠠᠬᠤᠶᠢᠯᠠᠯ ᠲᠠᠢ ᠣᠷᠢᠶᠠᠮᠠᠭ ᠵᠠᠮᠠᠭ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠷᠢᠶᠠᠮᠠᠭ ᠵᠠᠮᠠᠭ ᠤᠨ ᠪᠦᠲᠦᠭᠡᠭᠳᠡᠬᠦᠨ ᠤ ᠨᠡᠮᠡᠯᠲᠡ ᠥᠷᠲᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠴᠠᠭᠠᠨ ᠢᠳᠡᠭᠡ ᠪᠣᠯᠣᠨ ᠣᠷᠢᠶᠠᠮᠠᠭ ᠵᠠᠮᠠᠭ ᠤᠨ ᠬᠠᠮᠵᠢᠯᠴᠠᠨ ᠬᠥᠭᠵᠢᠬᠦ ᠶᠢ ᠪᠡᠶᠡᠯᠡᠭᠦᠯᠵᠦ᠂ ᠣᠷᠢᠶᠠᠮᠠᠭ ᠵᠠᠮᠠᠭ ᠤᠨ ᠠᠵᠤ ᠦᠢᠯᠡᠰ ᠤᠨ ᠳᠡᠭᠡᠳᠦ ᠲᠡᠰᠵᠢᠬᠦ᠂ ᠨᠠᠷᠠᠲᠤ ᠲᠡᠮᠳᠡᠭᠵᠢᠬᠦ ᠶᠢ ᠠᠯᠬᠤᠮ ᠠᠯᠬᠤᠮ ᠢᠶᠠᠷ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃      ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠤᠰ ᠤᠳᠠᠭ᠎ᠠ ᠶᠢᠨ ᠰᠣᠯᠢᠯᠴᠠᠭ᠎ᠠ ᠶᠠᠷᠢᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠠᠵᠤ ᠠᠬᠤᠶᠢᠯᠠᠯ ᠤᠨ ᠤᠳᠤ ᠶᠢᠨ ᠪᠠᠶᠢᠭ᠎ᠠ ᠰᠤᠳᠤᠯᠭᠠᠨ ᠤ ᠴᠢᠭᠯᠡᠯ ᠲᠠᠢ ᠤᠶᠠᠯᠳᠤᠭᠤᠯᠤᠨ᠂ ᠬᠠᠷᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠡᠷᠡᠭᠯᠡᠭᠡᠨ ᠤ ᠪᠠᠶᠢᠳᠠᠯ ᠢ ᠳᠠᠰᠤᠷᠠᠯᠳᠠ ᠦᠭᠡᠢ ᠥᠷᠭᠡᠳᠬᠡᠨ᠂ ᠬᠠᠷᠢᠯᠴᠠᠨ ᠬᠠᠷᠠᠭᠠᠯᠵᠠᠬᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠰᠠᠨᠠᠯ ᠨᠢᠭᠡᠲᠡᠢ ᠢᠯᠡᠷᠬᠡᠶᠢᠯᠡᠪᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ