ᠳᠤᠮᠳᠠᠳᠤ ᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠤᠶᠤᠨ ᠰᠠᠨᠠᠭ᠎ᠠ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 2 ᠳ᠋ᠤᠭᠠᠷ ᠰᠠᠷ᠎ᠠ ᠶᠢᠨ 12 ᠤᠨ ᠡᠳᠦᠷ᠂ ᠮᠸᠡᠭ ᠰᠢ ᠨᠡᠶᠢᠭᠡᠮ ᠲᠣᠭᠤᠷᠢᠭ ᠤᠨ ᠬᠢᠨ ᠴᠠᠭᠠᠨ ᠰᠠᠷ᠎ᠠ ᠶᠢᠨ | ᠠᠷᠪᠠᠨ ᠲᠠᠪᠤᠨ ᠤ ᠥᠯᠵᠡᠶᠢᠲᠦ ᠡᠳᠦᠷ ᠤᠨ ᠪᠠᠶᠠᠷ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠥᠭᠵᠢᠶᠡᠨ | ᠨᠠᠷᠭᠢᠶᠠᠨ ᠢᠶᠠᠷ ᠪᠢᠯᠬᠠᠵᠤ᠂ ᠤᠯᠠᠨ ᠠᠷᠪᠢᠨ ᠰᠠᠭᠤᠭᠠᠯᠢ ᠠᠷᠠᠳ ᠣᠷᠣᠯᠴᠠᠪᠠ᠃ | ᠶᠠᠭᠤᠨ ᠤ ᠡᠮᠦᠨ᠎ᠡ᠂ ᠤᠯᠠᠮᠵᠢᠯᠠᠯᠲᠤ ᠬᠥᠭ ᠠᠶᠠᠰ ᠲᠠᠢ ᠶᠠᠩᠭᠠᠷ ᠪᠥᠵᠢᠭ ᠨᠢ ᠬᠥᠮᠥᠰ ᠤᠨ ᠠᠩᠬᠠᠷᠤᠯ ᠢ ᠶᠡᠬᠡᠳᠡ ᠲᠠᠲᠠᠯ᠎ᠠ᠃ ᠶᠠᠩᠭᠠᠷ ᠪᠥᠵᠢᠭ ᠤᠨ | ᠠᠩᠭᠢ ᠥᠩᠭᠡ ᠪᠦᠷᠢ ᠶᠢᠨ ᠭᠤᠶᠣ ᠬᠤᠪᠴᠠᠰᠤ ᠪᠠᠨ ᠡᠮᠦᠰᠴᠦ᠂ ᠬᠡᠩᠭᠡᠷᠭᠡ ᠴᠠᠩ ᠢᠶᠠᠨ ᠳᠡᠯᠡᠳᠦᠨ᠂ ᠡᠯ᠎ᠡ ᠰᠠᠭᠤᠭᠠᠯᠢ ᠲᠣᠭᠤᠷᠢᠭ ᠵᠢᠴᠢ ᠬᠤᠳᠠᠯᠳᠤᠭᠠᠨ ᠤ | ᠲᠣᠭᠤᠷᠢᠭ ᠢᠶᠠᠷ ᠣᠴᠢᠵᠤ ᠲᠣᠭᠯᠠᠯᠲᠠ ᠪᠠᠨ ᠭᠠᠷᠭᠠᠪᠠ᠃ ᠲᠡᠳᠡᠨ ᠤ ᠤᠷᠠᠨ ᠴᠣᠪᠣᠭᠤᠯᠢᠭ ᠬᠥᠳᠡᠯᠦᠯ ᠪᠠᠶᠢᠳᠠᠯ᠂ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠨᠢ | ᠤᠯᠠᠮᠵᠢᠯᠠᠯᠲᠤ ᠠᠷᠠᠳ ᠤᠨ ᠵᠠᠩ ᠦᠢᠯᠡ ᠶᠢ ᠣᠯᠠᠨ ᠤ ᠬᠠᠷᠠᠭᠠᠨ᠎ᠠ ᠳᠡᠯᠭᠡᠵᠦ᠂ ᠰᠠᠭᠤᠭᠠᠯᠢ ᠠᠷᠠᠳ ᠤᠳ ᠲᠣᠭᠯᠠᠯᠲᠠ ᠳᠤ ᠰᠣᠭᠲᠣᠭᠤᠷᠠᠨ᠂ ᠤᠯᠠᠮᠵᠢᠯᠠᠯᠲᠤ | ᠰᠣᠶᠣᠯ ᠤᠨ ᠥᠪᠡᠷᠮᠢᠴᠡ ᠷᠢᠳᠢ ᠰᠢᠳᠢ ᠶᠢ ᠭᠠᠶᠢᠬᠠᠨᠠ᠃ | ᠳᠠᠷᠠᠭ᠎ᠠ ᠨᠢ ᠣᠨᠢᠰᠤᠭ᠎ᠠ ᠲᠠᠭᠠᠬᠤ᠂ ᠳᠠᠭᠤᠤ ᠶᠢ ᠵᠠᠯᠭᠠᠨ ᠳᠠᠭᠤᠯᠠᠬᠤ᠂ ᠳᠠᠭᠤᠤ ᠬᠥᠭᠵᠢᠮ ᠰᠣᠨᠣᠰᠴᠤ ᠰᠠᠨᠳᠠᠯᠢ ᠪᠤᠯᠢᠶᠠᠯᠳᠤᠬᠤ᠂ ᠬᠡᠪᠰᠢᠮᠡᠯ ᠬᠡᠯᠡᠯᠭᠡ ᠬᠡᠯᠡᠬᠦ | ᠵᠡᠷᠭᠡ ᠰᠣᠨᠢᠷᠬᠠᠯᠲᠠᠢ ᠲᠣᠭᠯᠠᠭᠠᠮ ᠤᠳ ᠲᠤ ᠰᠠᠭᠤᠭᠠᠯᠢ ᠠᠷᠠᠳ ᠢᠳᠡᠪᠬᠢᠲᠡᠢ ᠣᠷᠣᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠪᠠᠶᠠᠰᠤᠯ ᠢᠶᠠᠷ | ᠴᠠᠯᠭᠢᠨ᠎ᠠ᠃ ᠣᠨᠢᠰᠤᠭ᠎ᠠ ᠲᠠᠭᠠᠬᠤ ᠶᠠᠪᠤᠴᠠ ᠳᠤ ᠰᠠᠭᠤᠭᠠᠯᠢ ᠠᠷᠠᠳ ᠲᠠᠷᠢᠬᠢ ᠪᠠᠨ ᠬᠥᠳᠡᠯᠭᠡᠨ᠂ ᠣᠨᠢᠰᠤᠭ᠎ᠠ ᠬᠠᠶᠢᠬᠤ ᠶᠠᠪᠤᠴᠠ ᠳᠤ ᠤᠯᠠᠮᠵᠢᠯᠠᠯᠲᠤ ᠰᠣᠶᠣᠯ ᠤᠨ | ᠥᠷᠭᠡᠨ ᠳᠡᠯᠭᠡᠷ ᠭᠦᠨ ᠭᠦᠨᠵᠡᠭᠡᠢ ᠠᠭᠤᠯᠭ᠎ᠠ ᠶᠢ ᠭᠦᠨᠵᠡᠭᠡᠢ ᠣᠶᠢᠯᠠᠭᠠᠪᠠ︔ ᠳᠠᠭᠤᠤ ᠶᠢ ᠵᠠᠯᠭᠠᠵᠤ ᠳᠠᠭᠤᠯᠠᠬᠤ ᠶᠠᠪᠤᠴᠠ ᠳᠤ ᠤᠯᠠᠨ ᠢᠶᠠᠷ ᠢᠶᠠᠨ ᠥᠪᠡᠷ ᠥᠪᠡᠷ ᠤᠨ | ᠳᠠᠭᠤᠤ ᠬᠥᠭᠵᠢᠮ ᠤᠨ ᠲᠤᠬᠠᠢ ᠠᠪᠢᠶᠠᠰ ᠪᠢᠯᠢᠭ ᠢᠶᠠᠨ ᠪᠠᠳᠠᠷᠠᠭᠤᠯᠵᠤ᠂ ᠤᠷᠤᠰᠤᠮ᠎ᠠ ᠰᠠᠶᠢᠬᠠᠨ ᠬᠠᠷᠢᠭᠤᠯᠵᠠᠢ︔ ᠳᠠᠭᠤᠤ ᠬᠥᠭᠵᠢᠮ ᠰᠣᠨᠣᠰᠴᠤ ᠰᠠᠨᠳᠠᠯᠢ | ᠪᠤᠯᠢᠶᠠᠯᠳᠤᠬᠤ ᠲᠣᠭᠯᠠᠭᠠᠮ ᠳᠤ ᠣᠷᠣᠯᠴᠠᠭᠰᠠᠳ ᠪᠦᠬᠦ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠮ ᠤᠨ ᠠᠶ᠎ᠠ ᠪᠠᠷ ᠬᠢᠴᠢᠶᠡᠵᠦ ᠠᠯᠬᠤᠨ᠂ ᠬᠥᠭᠡᠷᠦᠯᠳᠦᠨ | ᠢᠨᠢᠶᠡᠯᠴᠡᠬᠦ ᠳᠠᠭᠤᠨ ᠳᠤᠮᠳᠠ ᠦᠷᠭᠦᠯᠵᠢᠯᠡᠨ᠎ᠡ︔ ᠬᠡᠪᠰᠢᠮᠡᠯ ᠬᠡᠯᠡᠯᠭᠡ ᠬᠡᠯᠡᠬᠦ ᠭᠤᠭᠴᠤᠭ᠎ᠠ ᠨᠢ ᠨᠡᠩ ᠴᠤ ᠣᠯᠠᠨ ᠤ ᠮᠡᠳᠡᠯᠭᠡ ᠶᠢᠨ ᠬᠡᠪᠴᠢᠶ᠎ᠡ ᠪᠣᠯᠣᠨ ᠠᠷᠭᠠᠴᠠᠭᠠᠬᠤ | ᠴᠢᠳᠠᠪᠤᠷᠢ ᠶᠢ ᠰᠢᠯᠭᠠᠵᠤ᠂ ᠰᠠᠭᠤᠭᠠᠯᠢ ᠠᠷᠠᠳ ᠲᠠᠷᠢᠬᠢ ᠪᠠᠨ ᠰᠢᠪᠬᠠᠨ᠂ ᠬᠡᠯᠡᠬᠦ ᠦᠭᠡ ᠪᠠᠨ ᠪᠡᠯᠡᠳᠬᠡᠵᠦ ᠪᠠᠶᠢᠯ᠎ᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠠᠰᠠ ᠥᠯᠵᠡᠶᠢᠲᠦ ᠪᠣᠣᠪᠤ ᠶᠢᠨ ᠬᠠᠶᠢᠷᠴᠠᠭ ᠪᠠ ᠥᠯᠵᠡᠶᠢᠲᠦ ᠪᠣᠣᠪᠤ ᠴᠢᠨᠠᠬᠤ ᠭᠤᠭᠴᠤᠭ᠎ᠠ ᠲᠣᠬᠢᠷᠠᠭᠤᠯᠵᠤ᠂ | ᠰᠠᠭᠤᠭᠠᠯᠢ ᠠᠷᠠᠳ ᠲᠤ ᠪᠠᠶᠠᠷ ᠪᠠᠶᠠᠰᠤᠯ ᠪᠠ ᠬᠠᠯᠠᠭᠤᠨ ᠳᠤᠯᠠᠭᠠᠨ ᠢ ᠠᠪᠴᠢᠷᠠᠵᠤ ᠥᠭᠭᠦᠭᠰᠡᠨ ᠪᠠᠶᠢᠨ᠎ᠠ᠃ ᠤᠯᠠᠨ ᠢᠶᠠᠷ ᠢᠶᠠᠨ ᠬᠦᠷᠢᠶᠡᠯᠡᠨ ᠰᠠᠭᠤᠵᠤ᠂ ᠬᠠᠯᠠᠭᠤᠨ | ᠠᠭᠤᠷ ᠪᠠᠭᠠᠭᠢᠭᠰᠠᠨ ᠥᠯᠵᠡᠶᠢᠲᠦ ᠪᠣᠣᠪᠤ ᠶᠢ ᠠᠮᠲᠠᠯᠠᠨ᠂ ᠪᠠᠶᠠᠷ ᠤᠨ ᠡᠳᠦᠷ ᠤᠨ ᠪᠠᠶᠠᠰᠤᠯ ᠢᠶᠠᠨ ᠬᠤᠪᠢᠶᠠᠯᠴᠠᠵᠤ᠂ ᠨᠡᠶᠢᠭᠡᠮ ᠲᠣᠭᠤᠷᠢᠭ ᠶᠡᠭᠡ ᠭᠡᠷ ᠪᠦᠯᠢ ᠶᠢᠨ | ᠬᠠᠯᠠᠭᠤᠨ ᠳᠤᠯᠠᠭᠠᠨ ᠢ ᠡᠳ᠋ᠯᠡᠨ᠎ᠡ᠃ | ᠲᠣᠰ ᠤᠳᠠᠭᠠᠨ ᠤ ᠥᠯᠵᠡᠶᠢᠲᠦ ᠪᠠᠶᠠᠷ ᠤᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠨᠢ ᠰᠠᠭᠤᠭᠠᠯᠢ ᠠᠷᠠᠳ ᠲᠤ ᠤᠯᠠᠮᠵᠢᠯᠠᠯᠲᠤ ᠰᠣᠶᠣᠯ ᠤᠨ ᠷᠢᠳᠢ | ᠰᠢᠳᠢ ᠶᠢ ᠮᠡᠳᠡᠷᠡᠭᠦᠯᠵᠦ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠨᠡᠶᠢᠭᠡᠮ | ᠲᠣᠭᠤᠷᠢᠭ ᠲᠤ ᠪᠠᠶᠠᠷ ᠬᠥᠷ ᠲᠠᠢ᠂ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠵᠠᠢ᠃ ᠬᠤᠶᠢᠰᠢᠳᠠ ᠪᠠᠶᠠᠯᠢᠭ ᠠᠭᠤᠯᠭ᠎ᠠ ᠪᠦᠬᠦᠢ | ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠡᠷᠬᠢᠯᠡᠵᠦ᠂ ᠰᠠᠭᠤᠭᠠᠯᠢ ᠠᠷᠠᠳ ᠤᠨ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠨ᠂ | ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠠᠷᠢᠶᠠᠯᠠᠭᠳᠠᠬᠤ ᠲᠥᠷᠥᠭᠳᠡᠯ ᠢ ᠳᠡᠭᠡᠭᠰᠢᠯᠡᠭᠦᠯᠦᠨ᠎ᠡ᠃ | | | |