ᠠᠪᠢᠶᠠᠰ ᠪᠢᠯᠢᠭ ᠲᠠᠢ ᠮᠠᠯᠴᠢᠨ ᠤᠯᠠᠨ ᠡᠰᠢᠳᠦ ᠴᠤᠭ ᠵᠢᠪᠬᠤᠭ᠎ᠠ ᠶᠢ ᠪᠠᠳᠠᠷᠠᠭᠤᠯᠣᠨ᠎ᠠ
ᠨᠡᠶᠢᠲᠡᠯᠡᠭᠰᠡᠨ ᠴᠠᠭ᠄
2025/2/14
      ᠣᠳᠤᠭ ᠬᠤᠰᠢᠭᠤᠨ ᠤ ᠠᠷᠪᠠᠰ ᠰᠣᠮᠣᠨ ᠳᠤ ᠨᠣᠳᠣᠭᠳᠠᠢ ᠠᠯᠳᠠᠷ ᠪᠣᠯ ᠮᠠᠯᠴᠢᠨ᠂ ᠳᠠᠭᠤᠴᠢᠨ᠂ ᠡᠮᠴᠢ᠂ ᠰᠡᠶᠢᠯᠦᠮᠡᠯᠴᠢᠨ᠂ ᠮᠥᠨᠴᠣ ᠨᠢᠭᠡ ᠠᠷᠢᠬᠢᠨ ᠮᠤᠬᠤᠯᠠᠭ  ᠤᠨ ᠡᠵᠡᠨᠳᠡᠨ ᠶᠣᠮ᠃ ᠡᠶᠢᠮᠦᠷᠬᠦᠦ ᠤᠯᠠᠨ ᠡᠰᠢᠲᠦ ᠪᠡᠶ᠎ᠡ ᠶᠢᠨ ᠭᠠᠷᠤᠯ ᠨᠢ ᠲᠡᠭᠦᠨ ᠤ ᠪᠡᠶ᠎ᠡ ᠳᠡᠭᠡᠷ᠎ᠡ ᠶᠠᠪ ᠴᠠᠪ ᠨᠡᠶᠢᠯᠡᠵᠦ᠂ ᠨᠢᠭᠡ ᠵᠦᠢᠯ ᠤᠨ ᠣᠨᠳᠣᠣ ᠶᠠᠩᠵᠤ ᠶᠢᠨ ᠠᠮᠢᠳᠤᠷᠠᠯ ᠤᠨ ᠳᠦᠷᠢ ᠲᠥᠷᠬᠦ ᠶᠢ ᠢᠯᠡᠷᠡᠭᠦᠯᠦᠭᠰᠡᠨ ᠪᠠᠶᠢᠨ᠎ᠠ᠃      ᠮᠠᠯᠴᠢᠨ ᠪᠣᠯᠤᠭᠰᠠᠨ ᠤ ᠬᠤᠪᠢ ᠳᠤ᠂ ᠠᠯᠳᠠᠷ ᠥᠷᠯᠥᠭᠡ ᠪᠣᠯᠭᠠᠨ ᠮᠠᠯ ᠤᠨ ᠰᠦᠷᠦᠭ ᠢᠶᠠᠨ ᠲᠠᠭᠠᠵᠣ᠂ ᠲᠠᠯ᠎ᠠ ᠨᠤᠲᠤᠭ ᠤᠨ ᠰᠠᠯᠬᠢᠨ ᠤ ᠢᠯᠪᠢᠯᠭᠡ᠂ ᠮᠠᠯ ᠰᠦᠷᠦᠭ ᠤᠨ ᠮᠠᠶᠢᠯᠠᠯᠭ᠎ᠠ ᠪᠠᠷ ᠡᠬᠡ ᠪᠠᠶᠢᠭᠠᠯᠢ ᠠᠴᠠ ᠵᠣᠬᠢᠶᠠᠨ ᠪᠥᠳᠥᠭᠡᠬᠦ ᠠᠪᠢᠶᠠᠰ ᠪᠢᠯᠢᠭ ᠭᠦᠷᠳᠡᠳᠡᠭ᠃ ᠳᠠᠭᠤᠴᠢᠨ ᠪᠣᠯᠤᠭᠰᠠᠨ ᠤ ᠬᠤᠪᠢ ᠳᠤ᠂ ᠲᠡᠷᠡ ᠰᠡᠳᠬᠢᠯ ᠬᠦᠳᠡᠯᠭᠡᠮ᠎ᠡ ᠲᠠᠭᠤᠨ ᠬᠤᠭᠤᠯᠠᠢ ᠲᠠᠢ ᠪᠠᠷ ᠪᠠᠷᠠᠬᠤ ᠥᠭᠡᠢ ᠭᠢᠲ᠋ᠠᠷ ᠤᠨ ᠬᠦᠭᠵᠢᠮᠳᠡᠬᠦ ᠤᠷ᠎ᠠ ᠮᠡᠷᠭᠡᠵᠢᠯ ᠢ ᠪᠤᠯᠪᠠᠰᠤᠷᠠᠩᠭᠤᠢ ᠡᠵᠡᠮᠰᠢᠵᠤ᠂ ᠭᠤᠶᠤ ᠰᠠᠶᠢᠬᠠᠨ ᠠᠶᠠᠯᠭᠤ ᠶᠢ ᠴᠢᠪᠬᠠᠳᠠᠨ᠂ ᠬᠥᠭᠵᠢᠮ ᠤᠨ ᠨᠣᠲ ᠪᠥᠷᠢ ᠳᠤᠨᠢ ᠬᠠᠶᠢᠷ᠎ᠠ ᠰᠡᠳᠭᠢᠯᠭᠡ ᠪᠠ ᠥᠯᠢᠭᠡᠷ ᠢᠶᠠᠷ ᠪᠢᠯᠬᠠᠮ᠎ᠠ ᠪᠠᠶᠢᠯ᠎ᠠ᠃       ᠠᠯᠳᠠᠷ ᠪᠣᠯ ᠪᠠᠰᠠ ᠨᠢᠭᠡᠨ ᠰᠡᠶᠢᠯᠦᠮᠡᠯᠴᠢᠨ ᠮᠥᠨ᠃ ᠲᠡᠷᠡ ᠠᠵᠢᠯ ᠤᠨ ᠴᠢᠯᠥᠭᠡ ᠵᠠᠪ ᠢᠶᠠᠨ ᠠᠰᠢᠭᠯᠠᠨ ᠰᠡᠶᠢᠯᠦᠮᠡᠯ ᠪᠦᠲᠦᠭᠡᠯ ᠬᠢᠵᠣ᠂ ᠭᠤᠶᠢᠳᠠ ᠰᠠᠶᠢᠬᠠᠨ ᠪᠦᠲᠦᠭᠡᠯ ᠨᠢ ᠥᠪᠡᠷᠮᠢᠴᠡ ᠤᠷᠠᠯᠢᠭ ᠤᠨ ᠬᠡᠪ ᠨᠠᠮᠪᠠ ᠪᠠᠨ ᠢᠯᠡᠷᠡᠭᠦᠯᠦᠭᠰᠡᠨ ᠢᠶᠠᠷ ᠪᠠᠷᠠᠬᠤ ᠦᠭᠡᠢ ᠲᠠᠯ᠎ᠠ ᠨᠤᠲᠤᠭ ᠤᠨ ᠠᠮᠢᠳᠤᠷᠠᠯ ᠤᠨ ᠷᠢᠳᠢ ᠰᠢᠳᠢ ᠪᠠ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠢᠯᠡᠷᠡᠬᠦᠯᠳᠡᠭ ᠪᠠᠶᠢᠨ᠎ᠠ᠃      ᠡᠨᠡ ᠬᠦ ᠠᠪᠢᠶᠠᠰᠣᠯᠢᠭ ᠮᠠᠯᠴᠢᠨ ᠪᠠᠰᠠ ᠪᠠᠯᠭᠠᠰᠣᠨ ᠳᠤ ᠨᠢᠭᠡᠨ ᠠᠷᠢᠬᠢᠨ ᠮᠣᠬᠤᠯᠠᠭ ᠨᠡᠭᠡᠭᠡᠵᠦ᠂ ᠪᠡᠶ᠎ᠡ ᠬᠤᠪᠢᠷᠠᠨ ᠠᠷᠢᠬᠢᠨ ᠮᠣᠬᠤᠯᠠᠭ ᠤᠨ ᠡᠵᠡᠨ ᠪᠣᠯᠵᠠᠢ᠃ ᠲᠡᠭᠦᠨ ᠤ ᠡᠵᠡᠩᠨᠡᠵᠦ ᠪᠠᠶᠢᠭ᠎ᠠ ᠠᠷᠢᠬᠢᠨ ᠮᠤᠬᠤᠯᠠᠭ ᠨᠢ ᠬᠠᠷᠢᠨ ᠲᠤᠬᠠᠢ ᠶᠢᠨ ᠭᠠᠵᠠᠷ ᠤᠨ ᠣᠨᠴᠠᠭᠠᠢ ᠣᠷᠣᠰᠢᠬᠤᠢ ᠶᠤᠮ᠃  ᠲᠡᠷᠡ ᠲᠠᠯ᠎ᠠ ᠨᠤᠲᠤᠭ ᠤᠨ ᠡᠯᠧᠮᠧᠨ᠋ᠲ ᠪᠣᠯᠤᠨ ᠣᠳᠣ ᠦᠶ᠎ᠡ ᠶᠢᠨ ᠬᠤᠲᠠ ᠶᠢᠨ ᠠᠭᠤᠷ ᠠᠮᠢᠰᠭᠤᠯ ᠢ ᠤᠷᠠᠨ ᠢᠶᠠᠷ ᠠᠭᠤᠰᠬᠠᠨ᠂ ᠨᠢᠭᠡᠨ ᠥᠪᠡᠷᠮᠢᠴᠡ ᠣᠨᠴᠠᠯᠢᠭ ᠲᠠᠢ ᠰᠡᠯᠡᠭᠦᠴᠡᠯ ᠤᠨ ᠣᠷᠣᠨ ᠵᠠᠢ ᠶᠢ ᠪᠠᠶᠢᠭᠤᠯᠵᠣ᠂ ᠣᠯᠠᠨ ᠵᠣᠴᠢᠳ ᠤᠨ ᠲᠠᠭᠠᠰᠢᠶᠠᠯ ᠢ ᠣᠯᠣᠭᠰᠠᠭᠠᠷ ᠪᠠᠶᠢᠯ᠎ᠠ᠃      ᠠᠯᠳᠠᠷ ᠥᠪᠡᠷ ᠤᠨ ᠠᠵᠢᠯᠯᠠᠭ᠎ᠠ ᠪᠠᠷ ᠢᠶᠠᠨ ᠶᠠᠭᠤ ᠶᠢ ᠣᠯᠠᠨ ᠡᠰᠢᠲᠦ ᠬᠥᠭᠵᠢᠯᠲᠡ ᠪᠠ ᠴᠥᠬᠦᠷᠡᠰᠢ ᠦᠭᠡᠢ ᠬᠥᠭᠡᠭᠡᠴᠡᠯᠳᠦᠯ ᠬᠡᠳᠡᠭ ᠢ ᠲᠠᠶᠢᠯᠪᠣᠷᠢᠯᠠᠭᠰᠠᠨ ᠪᠠᠶᠢᠨ᠎ᠠ᠃ ᠲᠡᠷᠡ ᠠᠳᠠᠯᠢ ᠪᠤᠰᠤ ᠳᠦᠷᠢ ᠶᠢᠨ ᠬᠤᠭᠤᠷᠣᠨᠳᠣ ᠰᠣᠯᠪᠢᠴᠠᠯᠳᠣᠨ᠂ ᠪᠡᠶ᠎ᠡ ᠶᠢᠨ ᠭᠠᠷᠤᠯ ᠨᠢᠭᠡᠪᠦᠷᠢ ᠨᠢ ᠴᠥᠮ ᠲᠡᠭᠦᠨ ᠤ ᠠᠮᠢᠳᠤᠷᠠᠯ ᠳᠤ ᠬᠠᠨᠳᠤᠭᠤᠯᠤᠭᠰᠠᠨ ᠬᠠᠶᠢᠷ᠎ᠠ ᠰᠡᠳᠬᠢᠯᠭᠡ ᠪᠠ ᠬᠦᠰᠡᠯ ᠡᠷᠡᠮᠡᠯᠵᠡᠯ ᠤᠨ ᠡᠷᠡᠰ ᠵᠣᠷᠢᠭ ᠢ ᠢᠯᠡᠷᠡᠭᠦᠯᠪᠡ᠃ ᠲᠡᠭᠦᠨ ᠤ ᠦᠯᠢᠭᠡᠷ ᠨᠢ ᠨᠡᠩ ᠤᠯᠠᠨ ᠬᠥᠮᠥᠰ ᠢ ᠥᠪᠡᠷ ᠤᠨ ᠳᠤᠷᠠᠲᠠᠢ ᠵᠦᠢᠯ ᠢᠶᠠᠨ ᠵᠣᠷᠢᠭᠳᠠᠢ ᠬᠥᠭᠡᠭᠡᠴᠡᠯᠳᠣᠵᠣ᠂ ᠥᠪᠡᠷ ᠤᠨ ᠵᠣᠯ ᠵᠢᠷᠭᠠᠯ ᠪᠠ ᠦᠨ᠎ᠡ ᠥᠷᠲᠡᠭ ᠢᠶᠠᠨ ᠪᠠᠳᠠᠷᠠᠭᠤᠯᠬᠤ ᠶᠢ ᠵᠣᠷᠢᠭᠵᠢᠭᠤᠯᠣᠭᠰᠠᠨ ᠪᠠᠶᠢᠨ᠎ᠠ᠃ 
ᠢᠷᠡᠯᠲᠡ᠄ ᠣᠲᠤᠭ ᠨᠡᠶᠢᠲᠡᠯᠡᠯ