2 ᠳ᠋ᠤᠭᠠᠷ ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ | ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ︽ᠲᠠᠷᠢᠶᠠᠯᠠᠩ ᠠᠵᠦ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ | ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ | 2025 ᠣᠨ ᠤ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠯᠢ ᠰᠢ ᠶᠢᠨ | ᠲᠣᠰᠬᠤᠨ ᠤ ᠲᠣᠭᠤᠷᠢᠨ ᠪᠠᠶᠢᠴᠠᠭᠠᠬᠤ ᠠᠵᠢᠯ ᠢ ᠠᠬᠢᠭᠤᠯᠬᠤ ᠰᠠᠭᠤᠳᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ︽︿ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠲᠣᠭᠲᠠᠭᠠᠯ﹀ ᠢ | ᠳᠠᠷᠤᠮᠠᠯᠯᠠᠨ ᠲᠠᠷᠬᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ︽ᠲᠣᠭᠲᠠᠭᠠᠯ︾ ᠢ ᠰᠤᠷᠤᠯᠴᠠᠨ ᠲᠣᠭᠤᠰᠢᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ᠂ ︽ᠲᠣᠭᠲᠠᠭᠠᠯ︾ ᠤᠨ | ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠢ ᠡᠵᠡᠮᠳᠡᠵᠦ᠂ ᠲᠣᠭᠤᠷᠢᠨ ᠪᠠᠶᠢᠴᠠᠭᠠᠬᠤ ᠠᠵᠢᠯ ᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠳᠡᠮᠵᠢᠵᠦ | ᠬᠠᠮᠵᠢᠯᠴᠠᠨ᠂ ᠠᠵᠢᠯ ᠢᠶᠠᠨ ᠦᠨᠡᠨ ᠪᠣᠳᠠᠲᠠᠢ ᠪᠠᠷ ᠬᠠᠷᠢᠭᠤ ᠮᠡᠳᠡᠭᠦᠯᠵᠦ᠂ ᠠᠰᠠᠭᠤᠳᠠᠯ ᠢ ᠪᠤᠰᠤᠳᠴᠢ ᠪᠥᠭᠡᠳ ᠲᠥᠪ ᠭᠤᠣᠯᠴᠢ ᠪᠠᠷ ᠲᠤᠰᠬᠠᠨ᠂ ᠲᠣᠭᠤᠷᠢᠨ | ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠢ | ᠨᠢᠭᠲᠠ ᠤᠶᠠᠯᠳᠤᠭᠤᠯᠬᠤ ᠬᠡᠷᠡᠭᠲᠡᠢ᠃ ᠡᠯ᠎ᠡ ᠲᠦᠷᠦᠯ ᠤᠨ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ | ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠡᠯ᠎ᠡ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠨ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠪᠣᠯᠣᠨ ᠪᠦᠬᠦ | ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠷᠠᠯ ᠤᠨ ᠵᠣᠷᠢᠭ ᠰᠠᠨᠠᠭ᠎ᠠ ᠶᠢ | ᠣᠳᠣᠬᠠᠨ ᠤ ᠠᠵᠢᠯ ᠢᠶᠠᠨ ᠰᠠᠶᠢᠲᠤᠷ ᠬᠢᠬᠦ ᠪᠠ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠲᠠᠢ ᠤᠶᠠᠯᠳᠤᠭᠤᠯᠤᠨ᠂ ᠰᠠᠶᠢᠲᠤᠷ ᠬᠤᠯᠪᠤᠭᠠᠯᠠᠨ | ᠬᠥᠳᠡᠯᠦᠯᠴᠡᠵᠦ᠂ ᠨᠢᠭᠡ ᠴᠣᠭᠴᠠᠵᠢᠭᠤᠯᠵᠤ ᠠᠬᠢᠭᠤᠯᠤᠨ᠂ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ︽ᠪᠢ ᠠᠵᠤ ᠠᠬᠤᠶᠢᠯᠠᠯ ᠳᠤ ᠵᠠᠬᠢᠶᠠᠯᠠᠭ᠎ᠠ ᠶᠢᠨ | ᠬᠠᠭᠤᠳᠠᠰᠤ ᠡᠷᠢᠵᠦ ᠥᠭᠬᠦ︾ ᠵᠡᠷᠭᠡ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠰᠢᠶᠠᠨ ᠤ | ᠱᠠᠲᠤᠨ ᠤ ᠤᠳᠤᠷᠢᠳᠤᠯᠭ᠎ᠠ ᠶᠢᠨ ᠬᠤᠯᠪᠣᠭᠠᠯᠠᠨ ᠳᠠᠭᠠᠭᠠᠴᠢᠯᠠᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠠᠵᠤ ᠠᠬᠤᠶᠢᠯᠠᠯ ᠤᠨ ᠳᠠᠷᠤᠭᠠᠰᠤ ᠪᠠᠨ ᠬᠥᠩᠭᠡᠯᠡᠨ | ᠠᠵᠢᠯᠯᠠᠬᠤ᠂ ᠬᠥᠭᠵᠢᠯᠲᠡ ᠪᠠᠨ ᠲᠦᠷᠭᠡᠳᠬᠡᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠶᠣᠰᠣ ᠳᠦᠷᠢᠮ ᠢ ᠡᠷᠬᠢᠮᠯᠡᠬᠦ᠂ ᠰᠠᠬᠢᠯᠭ᠎ᠠ ᠪᠠᠲᠤ ᠶᠢ ᠰᠠᠬᠢᠬᠤ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ ᠠᠵᠢᠯ ᠤᠨ ᠰᠤᠷᠲᠠᠯ ᠢᠶᠠᠷ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠥᠬᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ ᠲᠣᠭᠤᠰᠢᠯᠠᠭᠤᠯᠤᠨ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠵᠠᠰᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠬᠤ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠰᠠᠶᠢᠲᠤᠷ ᠠᠳᠬᠤᠨ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠤᠷᠳᠤ ᠬᠤᠭᠤᠴᠠᠭ᠎ᠠ ᠪᠠᠷ | ᠪᠠᠬᠢᠵᠢᠭᠦᠯᠬᠦ᠂ ᠠᠮᠢ ᠠᠬᠤᠢ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠡᠢ᠃ ᠰᠤᠮᠤ ᠪᠠᠯᠭᠠᠰᠤ ᠶᠢᠨ ᠬᠠᠷᠢᠶ᠎ᠠ ᠭᠠᠵᠠᠷ ᠤᠨ | ᠬᠠᠷᠢᠭᠤᠴᠠᠯᠭ᠎ᠠ ᠵᠢᠴᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠨᠠᠭᠰᠢᠳᠠ ᠴᠢᠩᠭᠠᠳᠬᠠᠵᠤ᠂ ᠤᠯᠠᠨ ᠲᠠᠯ᠎ᠠ ᠶᠢᠨ ᠬᠠᠮᠲᠤᠷᠠᠯ ᠤᠨ | ᠬᠦᠴᠦᠨ ᠢ ᠪᠣᠢ ᠪᠣᠯᠭᠠᠨ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ 2024 ᠣᠨ ᠤ ᠲᠣᠭᠤᠷᠢᠨ ᠪᠠᠶᠢᠴᠠᠭᠠᠭᠰᠠᠨ ᠠᠵᠢᠯ ᠤᠨ ᠪᠠᠶᠢᠳᠠᠯ᠂ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤ ᠨᠠᠮ ᠤᠨ | ᠬᠤᠷᠢᠶᠠᠨ ᠤ ᠵᠢᠷᠭᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠱᠠᠭᠠᠷᠳᠠᠨ | ᠪᠠᠶᠢᠴᠠᠭᠠᠭᠰᠠᠨ ᠪᠠᠶᠢᠳᠠᠯ ᠪᠣᠯᠣᠨ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ | ᠪᠠᠶᠢᠴᠠᠭᠠᠯᠲᠠ ᠶᠢᠨ ᠶᠡᠷᠦᠩᠬᠡᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ | ᠠᠵᠢᠯ ᠤᠨ ᠲᠤᠬᠠᠢ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠤᠨ᠂ ᠲᠣᠭᠤᠷᠢᠨ ᠪᠠᠶᠢᠴᠠᠭᠠᠬᠤ ᠠᠵᠢᠯ ᠤᠨ ᠢᠮᠠᠭᠲᠠ | ᠵᠥᠪ ᠴᠢᠭᠯᠡᠯ ᠢᠶᠠᠨ ᠪᠠᠷᠢᠮᠲᠠᠯᠠᠬᠤ ᠶᠢ ᠪᠠᠲᠤᠯᠠᠬᠤ ᠬᠡᠷᠡᠭᠲᠡᠢ᠃ ᠰᠢᠶᠠᠨ ᠤ ᠱᠠᠲᠤᠨ ᠤ ᠤᠳᠤᠷᠢᠳᠤᠯᠭ᠎ᠠ ᠬᠤᠪᠢᠶᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ | ᠠᠰᠠᠭᠤᠳᠠᠯ ᠢᠶᠠᠨ ᠴᠡᠭᠴᠡᠯᠡᠨ ᠰᠠᠶᠢᠵᠢᠷᠠᠭᠤᠯᠬᠤ ᠶᠢ ᠪᠡᠶ᠎ᠡ ᠪᠠᠷ ᠢᠶᠠᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠦᠷ᠎ᠡ ᠠᠰᠢᠭ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢ ᠴᠠᠭ ᠬᠤᠭᠤᠴᠠᠭ᠎ᠠ ᠪᠠ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ | ᠪᠣᠯᠭᠠᠬᠤ ᠶᠢ ᠪᠠᠲᠤᠯᠠᠬᠤ ᠬᠡᠷᠡᠭᠲᠡᠢ᠃ ᠲᠣᠭᠤᠷᠢᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠺᠠᠳ᠋ᠷ ᠤᠨ | ᠡᠩᠨᠡᠭᠡᠨ ᠤ ᠰᠠᠬᠢᠯᠭ᠎ᠠ ᠪᠠᠲᠤ ᠶᠢᠨ ᠬᠥᠮᠦᠵᠢᠯ ᠢ ᠪᠠᠶᠢᠩᠭᠤ ᠥᠷᠨᠢᠭᠦᠯᠦᠨ᠂ ᠴᠢᠩᠭ᠎ᠠ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠲᠣᠭᠤᠷᠢᠨ ᠪᠠᠶᠢᠴᠠᠭᠠᠬᠤ ᠠᠵᠢᠯ ᠤᠨ | ᠪᠦᠬᠦ ᠶᠠᠪᠤᠴᠠ ᠶᠢᠨ ᠡᠯ᠎ᠡ ᠲᠠᠯ᠎ᠠ ᠳᠤ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠤᠲᠤᠭ ᠬᠤᠰᠢᠭᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠰᠤᠷᠭᠠᠭᠤᠯᠢ︶ ᠶᠢᠨ ᠰᠢᠨ᠎ᠡ ᠶᠢ ᠡᠭᠦᠳᠦᠨ ᠳᠡᠭᠡᠭᠰᠢᠯᠡᠭᠦᠯᠬᠦ ᠶᠢ | ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵2024 ︱ 2026 ᠣᠨ︶︾ ᠢ ᠰᠤᠳᠤᠯᠵᠤ᠂ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠦᠨ᠂ ᠰᠢᠨ᠎ᠡ ᠶᠢ ᠡᠭᠦᠳᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ | ᠨᠠᠮ ᠤᠨ ᠰᠤᠷᠭᠠᠭᠤᠯᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠭᠤᠣᠯ ᠬᠠᠷᠢᠭᠤᠴᠠᠯᠭ᠎ᠠ ᠭᠤᠣᠯ ᠠᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠡᠭᠦᠷᠭᠡ ᠶᠢ ᠰᠢᠰᠲ᠋ᠧᠮᠲᠦ ᠴᠢᠨᠠᠷᠲᠠᠢ ᠪᠠᠷ ᠠᠬᠢᠭᠤᠯᠤᠨ᠂ ᠨᠠᠮ ᠤᠨ ᠰᠤᠷᠭᠠᠭᠤᠯᠢ ᠶᠢ ᠨᠠᠮ ᠤᠨ ᠤᠨᠤᠯ ᠤᠨ | ᠰᠤᠳᠤᠯᠭᠠᠨ ᠪᠠ ᠰᠢᠢᠳᠪᠦᠷᠢᠲᠦ ᠪᠣᠳᠣᠯᠭ᠎ᠠ ᠶᠢᠨ ᠦᠢᠯᠡᠴᠢᠯᠡᠭᠡᠨ ᠤ ᠥᠨᠳᠦᠷᠯᠢᠭ ᠪᠣᠯᠭᠠᠬᠤ ᠶᠢ ᠠᠬᠢᠭᠤᠯᠬᠤ ᠬᠡᠷᠡᠭᠲᠡᠢ᠃ ᠰᠤᠷᠭᠠᠭᠤᠯᠢ ᠶᠢ ᠴᠢᠩᠭ᠎ᠠ ᠵᠠᠰᠠᠬᠤ ᠶᠢ | ᠴᠢᠩᠭᠠᠳᠬᠠᠵᠤ᠂ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ | ᠪᠣᠯᠭᠠᠬᠤ ᠬᠡᠷᠡᠭᠲᠡᠢ᠃ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠂ ᠡᠯ᠎ᠡ ᠵᠦᠢᠯ ᠤᠨ ᠡᠭᠦᠷᠭᠡ ᠶᠢ | ᠪᠣᠳᠠᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠮᠡᠳᠡᠭᠦᠯᠬᠦ ᠬᠠᠮᠢᠶ᠎ᠠ ᠪᠦᠬᠦᠢ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠰᠤᠷᠤᠯᠴᠠᠨ᠂ ᠰᠢᠶᠠᠨ ᠤ ᠱᠠᠲᠤᠨ ᠤ ᠤᠳᠤᠷᠢᠳᠬᠤ ᠺᠠᠳ᠋ᠷ ︽ᠲᠣᠭᠲᠠᠭᠠᠯ︾ ᠤᠨ ᠱᠠᠭᠠᠷᠳᠠᠯᠭ᠎ᠠ ᠶᠢ | ᠲᠦᠷᠦᠭᠦᠯᠡᠨ ᠬᠡᠷᠡᠭᠵᠢᠭᠦᠯᠵᠦ᠂ ᠵᠢᠱᠢᠶ᠎ᠡ ᠦᠵᠡᠭᠦᠯᠵᠦ ᠵᠢᠷᠤᠮᠯᠠᠨ᠂ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠳᠦᠷᠢᠮ ᠤᠨ ᠤᠬᠠᠮᠰᠠᠷ ᠪᠣᠯᠣᠨ ᠵᠣᠬᠢᠶᠠᠨ | ᠪᠠᠶᠢᠭᠤᠯᠤᠯᠲᠠ ᠶᠢᠨ ᠦᠵᠡᠯᠲᠡ ᠪᠠᠨ ᠦᠨᠡᠨᠬᠦ ᠴᠢᠩᠭᠠᠳᠬᠠᠵᠤ᠂ ᠬᠤᠪᠢ ᠬᠥᠮᠥᠨ ᠵᠢᠴᠢ ᠭᠡᠷ ᠪᠦᠯᠢ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠴᠠᠭ ᠲᠤᠬᠠᠢ | ᠳᠤᠨᠢ᠂ ᠦᠨᠡᠨ ᠪᠣᠳᠠᠲᠠᠢ ᠪᠠᠷ ᠮᠡᠳᠡᠭᠦᠯᠦᠨ᠂ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠬᠤᠰᠢᠭᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ | ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠡᠭᠦᠷᠭᠡ ᠶᠢᠨ ᠨᠠᠷᠢᠨ ᠲᠠᠩᠰᠠ︾ ᠶᠢ ᠬᠢᠨᠠᠨ ᠵᠥᠪᠯᠡᠵᠦ ᠪᠠᠲᠤᠯᠠᠨ᠂ 2025 ᠣᠨ ᠤ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠮᠠᠯᠵᠢᠬᠤ ᠲᠠᠷᠢᠶᠠᠯᠠᠬᠤ ᠣᠷᠣᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ | ᠵᠦᠢᠯ ᠢ ᠲᠡᠳᠬᠦᠨ ᠬᠥᠭᠵᠢᠭᠦᠯᠬᠦ ᠵᠡᠷᠭᠡ ᠵᠦᠢᠯᠡᠰ ᠢ ᠰᠤᠳᠤᠯᠪᠠ᠃ | | | | | |