ᠰᠣ᠋ ᡁᠢ ᠰᠢᠶᠦ᠋ᠩ ᠤᠯᠠᠭᠠᠨᠪᠠᠯᠭᠠᠰᠤᠨ ᠤ ᠬᠥᠩᠭᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2025/2/21
      2 ᠳ᠋ᠤᠭᠠᠷ ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠩ ᠤᠯᠠᠭᠠᠨᠪᠠᠯᠭᠠᠰᠤᠨ ᠤ ᠬᠥᠩᠭᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠰᠡᠭ ᠠᠵᠤ ᠠᠬᠤᠶᠢᠯᠠᠯ ᠳᠤ ᠬᠦᠷᠦᠨ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠠᠵᠢᠯ ᠥᠷᠨᠢᠭᠦᠯᠪᠡ᠃      ᠰᠣ᠋ ᡁᠢ ᠰᠢᠶᠦ᠋ᠩ ᠤᠷᠢᠳ ᠬᠤᠵᠢᠳ ᠴᠠᠭᠠᠨ ᠢᠳᠡᠭᠡᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠤᠸ᠋ᠨ ᠣᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠮ ᠤᠨ ᠦᠢᠯᠡᠳᠪᠦᠷᠢ᠂ ᠬᠤᠩ ᠴᠧᠩ ᠰᠢᠶᠠᠩ ᠠᠷᠠᠰᠤ ᠨᠣᠣᠰᠣᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠨ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠨᠢ ᠰᠢᠢᠳᠪᠦᠷᠢᠯᠡᠵᠦ ᠥᠭᠪᠡ᠃      ᠰᠣ᠋ ᡁᠢ ᠰᠢᠶᠦ᠋ᠩ ᠬᠡᠯᠡᠬᠦ ᠳᠡᠭᠡᠨ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠳᠤ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠤᠨ᠂ ᠲᠣᠭᠲᠠᠭᠤᠨ ᠦᠢᠯᠡᠳᠪᠦᠷᠢᠯᠡᠯ ᠲᠠᠢ ᠠᠵᠤ ᠠᠬᠤᠶᠢᠯᠠᠯ ᠤᠨ ᠪᠡᠯᠡ ᠮᠥᠩᠭᠦ ᠪᠠᠨ ᠨᠡᠮᠡᠭᠳᠡᠭᠦᠯᠦᠨ ᠦᠢᠯᠡᠳᠪᠦᠷᠢᠯᠡᠯ ᠢᠶᠠᠨ ᠥᠷᠭᠡᠳᠬᠡᠬᠦ᠂ ᠬᠥᠭᠵᠢᠨ ᠪᠤᠵᠠᠭᠠᠶᠢᠷᠠᠬᠤ ᠶᠢ ᠳᠡᠮᠵᠢᠵᠦ᠂ ᠦᠢᠯᠡᠳᠪᠦᠷᠢᠯᠡᠯ ᠬᠠᠰᠤᠭᠳᠠᠭᠰᠠᠨ ᠠᠵᠤ ᠠᠬᠤᠶᠢᠯᠠᠯ ᠢ ᠬᠠᠪᠰᠤᠷᠤᠨ ᠡᠵᠡᠩᠨᠡᠯᠲᠡ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠤᠨ ᠲᠣᠭᠲᠠᠭᠤᠨ ᠢᠶᠠᠷ ᠰᠡᠷᠭᠦᠬᠦ ᠶᠢ ᠬᠠᠪᠰᠤᠷᠤᠨ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠡᠷᠲᠡᠬᠡᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠰᠢᠨ᠎ᠡ ᠠᠵᠤ ᠠᠬᠤᠶᠢᠯᠠᠯ ᠤᠨ ᠬᠡᠪᠴᠢᠶᠡᠵᠢᠯ ᠠᠴᠠ ᠳᠡᠭᠡᠭᠰᠢᠬᠢ ᠠᠵᠦ ᠠᠬᠤᠶᠢᠯᠠᠯ ᠤᠨ ᠬᠥᠮᠥᠷᠭᠡ ᠳᠤ ᠣᠷᠣᠭᠤᠯᠬᠤ ᠠᠵᠢᠯ ᠢ ᠰᠠᠶᠢᠲᠤᠷ ᠠᠳᠬᠤᠨ᠂ ᠠᠵᠤ ᠠᠬᠤᠶᠢᠯᠠᠯ ᠤᠨ ᠬᠥᠭᠵᠢᠯᠲᠡ ᠳᠤ ᠪᠦᠬᠦ ᠲᠠᠯ᠎ᠠ ᠶᠢᠨ ᠳᠡᠮᠵᠢᠯᠭᠡ ᠬᠠᠩᠭᠠᠬᠤ ᠬᠡᠷᠡᠭᠲᠡᠢ᠃ ᠢᠳᠡᠭᠡᠨ ᠪᠣᠯᠪᠠᠰᠤᠷᠠᠭᠤᠯᠬᠤ᠂ ᠬᠥᠩᠭᠡᠨ ᠠᠵᠤ ᠦᠢᠯᠡᠳᠪᠦᠷᠢ ᠨᠡᠬᠡᠮᠡᠯ ᠵᠡᠷᠭᠡ ᠬᠥᠳᠡᠯᠮᠦᠷᠢ ᠬᠦᠴᠦᠨ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠵᠦ᠂ ᠠᠵᠢᠯ ᠣᠯᠭᠤᠬᠤ ᠴᠢᠳᠠᠪᠤᠷᠢ ᠪᠠᠷ ᠴᠢᠩᠭ᠎ᠠ ᠠᠵᠤ ᠦᠢᠯᠡᠰ ᠪᠣᠯᠣᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠬᠦᠷᠢᠶᠡᠯᠡᠩ ᠲᠣᠭᠤᠷᠢᠭ ᠲᠤ ᠰᠠᠭᠤᠯᠭᠠᠨ᠂ ᠤᠯᠠᠨ ᠲᠦᠮᠡᠨ ᠳᠤ ᠨᠡᠩ ᠤᠯᠠᠨ ᠨᠡᠩ ᠳᠥᠭᠦᠮ ᠳᠥᠲᠡ ︽ᠭᠡᠷ ᠤᠨ ᠡᠭᠦᠳᠡᠨ︾ ᠳᠠᠬᠢ ᠠᠵᠢᠯ ᠣᠯᠭᠤᠯᠲᠠ ᠶᠢᠨ ᠦᠢᠯᠡᠴᠢᠯᠡᠭᠡ ᠶᠢ ᠬᠦᠷᠲᠡᠭᠡᠬᠦ ᠬᠡᠷᠡᠭᠲᠡᠢ᠃ ᠬᠦᠷᠢᠶᠡᠯᠡᠩ ᠲᠣᠭᠤᠷᠢᠭ ᠤᠨ ᠢᠷᠡᠭᠡᠳᠦᠢ ᠶᠢᠨ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠠᠵᠤ ᠦᠢᠯᠡᠰ ᠤᠨ ᠪᠦᠲᠦᠴᠡ ᠶᠢᠨ ᠪᠠᠶᠢᠷᠢᠰᠢᠭᠤᠯᠤᠯᠲᠠ ᠲᠠᠢ ᠤᠶᠠᠯᠳᠤᠭᠤᠯᠵᠤ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠲᠦᠪᠰᠢᠨ ᠢ ᠳᠡᠭᠡᠭᠰᠢᠯᠡᠭᠦᠯᠦᠨ᠂ ᠠᠷᠭ᠎ᠠ ᠪᠦᠬᠦᠨ ᠢ ᠰᠦᠪᠡᠭᠴᠢᠯᠡᠵᠦ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠵᠤ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃    
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ