2 ᠳ᠋ᠤᠭᠠᠷ ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ | ᠰᠢᠶᠦ᠋ᠩ ᠤᠯᠠᠭᠠᠨᠪᠠᠯᠭᠠᠰᠤᠨ ᠤ ᠬᠥᠩᠭᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠰᠡᠭ ᠠᠵᠤ ᠠᠬᠤᠶᠢᠯᠠᠯ ᠳᠤ ᠬᠦᠷᠦᠨ ᠪᠠᠶᠢᠴᠠᠭᠠᠨ | ᠰᠤᠳᠤᠯᠤᠯᠲᠠ ᠬᠢᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠠᠵᠢᠯ ᠥᠷᠨᠢᠭᠦᠯᠪᠡ᠃ | ᠰᠣ᠋ ᡁᠢ ᠰᠢᠶᠦ᠋ᠩ ᠤᠷᠢᠳ ᠬᠤᠵᠢᠳ ᠴᠠᠭᠠᠨ ᠢᠳᠡᠭᠡᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠤᠸ᠋ᠨ ᠣᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠡᠮ ᠤᠨ ᠦᠢᠯᠡᠳᠪᠦᠷᠢ᠂ ᠬᠤᠩ ᠴᠧᠩ ᠰᠢᠶᠠᠩ ᠠᠷᠠᠰᠤ ᠨᠣᠣᠰᠣᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ ᠬᠦᠷᠴᠦ᠂ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠪᠠᠶᠢᠳᠠᠯ ᠢ ᠨᠠᠷᠢᠨ | ᠣᠶᠢᠯᠠᠭᠠᠨ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠬᠠᠮᠢᠶ᠎ᠠ | ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠨᠢ ᠰᠢᠢᠳᠪᠦᠷᠢᠯᠡᠵᠦ ᠥᠭᠪᠡ᠃ | ᠰᠣ᠋ ᡁᠢ ᠰᠢᠶᠦ᠋ᠩ ᠬᠡᠯᠡᠬᠦ ᠳᠡᠭᠡᠨ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ | ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠦᠨ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠳᠤ ᠦᠢᠯᠡᠴᠢᠯᠡᠬᠦ | ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠤᠨ᠂ ᠲᠣᠭᠲᠠᠭᠤᠨ ᠦᠢᠯᠡᠳᠪᠦᠷᠢᠯᠡᠯ ᠲᠠᠢ ᠠᠵᠤ | ᠠᠬᠤᠶᠢᠯᠠᠯ ᠤᠨ ᠪᠡᠯᠡ ᠮᠥᠩᠭᠦ ᠪᠠᠨ ᠨᠡᠮᠡᠭᠳᠡᠭᠦᠯᠦᠨ ᠦᠢᠯᠡᠳᠪᠦᠷᠢᠯᠡᠯ ᠢᠶᠠᠨ ᠥᠷᠭᠡᠳᠬᠡᠬᠦ᠂ ᠬᠥᠭᠵᠢᠨ ᠪᠤᠵᠠᠭᠠᠶᠢᠷᠠᠬᠤ ᠶᠢ ᠳᠡᠮᠵᠢᠵᠦ᠂ ᠦᠢᠯᠡᠳᠪᠦᠷᠢᠯᠡᠯ | ᠬᠠᠰᠤᠭᠳᠠᠭᠰᠠᠨ ᠠᠵᠤ ᠠᠬᠤᠶᠢᠯᠠᠯ ᠢ ᠬᠠᠪᠰᠤᠷᠤᠨ ᠡᠵᠡᠩᠨᠡᠯᠲᠡ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠤᠨ ᠲᠣᠭᠲᠠᠭᠤᠨ ᠢᠶᠠᠷ ᠰᠡᠷᠭᠦᠬᠦ ᠶᠢ ᠬᠠᠪᠰᠤᠷᠤᠨ᠂ | ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠡᠷᠲᠡᠬᠡᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠰᠢᠨ᠎ᠡ ᠠᠵᠤ ᠠᠬᠤᠶᠢᠯᠠᠯ ᠤᠨ | ᠬᠡᠪᠴᠢᠶᠡᠵᠢᠯ ᠠᠴᠠ ᠳᠡᠭᠡᠭᠰᠢᠬᠢ ᠠᠵᠦ ᠠᠬᠤᠶᠢᠯᠠᠯ ᠤᠨ ᠬᠥᠮᠥᠷᠭᠡ ᠳᠤ ᠣᠷᠣᠭᠤᠯᠬᠤ ᠠᠵᠢᠯ ᠢ ᠰᠠᠶᠢᠲᠤᠷ ᠠᠳᠬᠤᠨ᠂ ᠠᠵᠤ ᠠᠬᠤᠶᠢᠯᠠᠯ ᠤᠨ ᠬᠥᠭᠵᠢᠯᠲᠡ ᠳᠤ ᠪᠦᠬᠦ | ᠲᠠᠯ᠎ᠠ ᠶᠢᠨ ᠳᠡᠮᠵᠢᠯᠭᠡ ᠬᠠᠩᠭᠠᠬᠤ ᠬᠡᠷᠡᠭᠲᠡᠢ᠃ ᠢᠳᠡᠭᠡᠨ ᠪᠣᠯᠪᠠᠰᠤᠷᠠᠭᠤᠯᠬᠤ᠂ ᠬᠥᠩᠭᠡᠨ ᠠᠵᠤ ᠦᠢᠯᠡᠳᠪᠦᠷᠢ ᠨᠡᠬᠡᠮᠡᠯ ᠵᠡᠷᠭᠡ ᠬᠥᠳᠡᠯᠮᠦᠷᠢ ᠬᠦᠴᠦᠨ ᠨᠢᠭᠲᠠᠷᠠᠭᠰᠠᠨ | ᠬᠡᠯᠪᠡᠷᠢ ᠶᠢᠨ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠵᠦ᠂ ᠠᠵᠢᠯ ᠣᠯᠭᠤᠬᠤ ᠴᠢᠳᠠᠪᠤᠷᠢ ᠪᠠᠷ ᠴᠢᠩᠭ᠎ᠠ ᠠᠵᠤ ᠦᠢᠯᠡᠰ ᠪᠣᠯᠣᠨ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ ᠬᠦᠷᠢᠶᠡᠯᠡᠩ ᠲᠣᠭᠤᠷᠢᠭ ᠲᠤ ᠰᠠᠭᠤᠯᠭᠠᠨ᠂ ᠤᠯᠠᠨ ᠲᠦᠮᠡᠨ ᠳᠤ ᠨᠡᠩ ᠤᠯᠠᠨ ᠨᠡᠩ ᠳᠥᠭᠦᠮ ᠳᠥᠲᠡ ︽ᠭᠡᠷ ᠤᠨ ᠡᠭᠦᠳᠡᠨ︾ ᠳᠠᠬᠢ | ᠠᠵᠢᠯ ᠣᠯᠭᠤᠯᠲᠠ ᠶᠢᠨ ᠦᠢᠯᠡᠴᠢᠯᠡᠭᠡ ᠶᠢ ᠬᠦᠷᠲᠡᠭᠡᠬᠦ ᠬᠡᠷᠡᠭᠲᠡᠢ᠃ ᠬᠦᠷᠢᠶᠡᠯᠡᠩ ᠲᠣᠭᠤᠷᠢᠭ ᠤᠨ ᠢᠷᠡᠭᠡᠳᠦᠢ ᠶᠢᠨ ᠬᠥᠭᠵᠢᠯᠲᠡ ᠶᠢᠨ ᠲᠥᠯᠦᠪᠵᠢᠭᠦᠯᠭᠡ ᠪᠣᠯᠣᠨ | ᠠᠵᠤ ᠦᠢᠯᠡᠰ ᠤᠨ ᠪᠦᠲᠦᠴᠡ ᠶᠢᠨ ᠪᠠᠶᠢᠷᠢᠰᠢᠭᠤᠯᠤᠯᠲᠠ ᠲᠠᠢ ᠤᠶᠠᠯᠳᠤᠭᠤᠯᠵᠤ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ | ᠲᠦᠪᠰᠢᠨ ᠢ ᠳᠡᠭᠡᠭᠰᠢᠯᠡᠭᠦᠯᠦᠨ᠂ ᠠᠷᠭ᠎ᠠ ᠪᠦᠬᠦᠨ ᠢ ᠰᠦᠪᠡᠭᠴᠢᠯᠡᠵᠦ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠵᠤ | ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ | | | | |