ᠲᠤᠰᠢᠶᠠᠯ᠄ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠤᠰᠢᠭᠤ ᠳᠡᠳ᠋ ᠳᠠᠷᠤᠭ᠎ᠠ | ᠠᠵᠢᠯ ᠤᠨ ᠬᠤᠪᠢᠶᠠᠷᠢᠯᠠᠯ᠄ | ᠬᠤᠰᠢᠭᠤ ᠳᠠᠷᠤᠭ᠎ᠠ ᠶᠢ ᠬᠠᠮᠵᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠠᠵᠤ ᠦᠢᠯᠡᠳᠪᠦᠷᠢ ᠶᠢᠨ ᠠᠵᠤ ᠠᠬᠤᠢ᠂ ᠬᠤᠳᠠᠯᠳᠤᠭᠠᠨ ᠤ ᠶᠠᠪᠤᠳᠠᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠭᠠᠳᠠᠭᠠᠳᠤ ᠬᠠᠮᠲᠤᠷᠠᠯᠴᠠᠭ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ᠂ ᠠᠵᠤ | ᠦᠢᠯᠡᠳᠪᠦᠷᠢ ᠶᠢᠨ ᠤᠰᠤ ᠬᠡᠷᠡᠭᠯᠡᠬᠦ ᠪᠠ ᠤᠰᠤ ᠠᠷᠪᠢᠯᠠᠬᠤ ᠥᠭᠡᠷᠡᠴᠢᠯᠡᠯᠲᠡ᠂ ᠡᠨᠧᠷᠭᠢ᠂ ᠬᠤᠲᠠ ᠶᠢᠨ ᠪᠦᠲᠦᠭᠡᠨ ᠪᠠᠶᠢᠭᠤᠯᠤᠯᠲᠠ᠂ ᠰᠠᠭᠤᠷᠢ ᠪᠦᠲᠦᠭᠡᠨ | ᠪᠠᠶᠢᠭᠤᠯᠤᠯᠲᠠ᠂ ᠰᠣᠶᠣᠯ ᠪᠠ ᠵᠢᠭᠤᠯᠴᠢᠯᠠᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠰ | ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︵ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠤᠨ | ᠬᠥᠭᠵᠢᠭᠦᠯᠦᠯᠲᠡ ᠶᠢᠨ ᠲᠥᠪ︶᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠳᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ︵ᠠᠵᠤ | ᠦᠢᠯᠡᠳᠪᠦᠷᠢ ᠮᠡᠳᠡᠭᠡ ᠵᠠᠩᠭᠢᠴᠢᠯᠠᠯᠳᠡ ᠪᠠ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ/ᠳᠤᠮᠳᠠ ᠵᠢᠵᠢᠭ ᠠᠵᠤ ᠠᠬᠤᠶᠢᠯᠠᠯ ᠤᠨ | ᠦᠢᠯᠡᠴᠢᠯᠡᠭᠡᠨ ᠤ ᠲᠥᠪ/ᠵᠤᠭᠠᠩ ᠤᠨ ᠠᠵᠤ ᠦᠢᠯᠡᠰ ᠤᠨ ᠬᠥᠭᠵᠢᠭᠦᠯᠦᠯᠲᠡ ᠶᠢᠨ ᠦᠢᠯᠡᠴᠢᠯᠡᠭᠡᠨ ᠤ ᠲᠥᠪ︶᠂ ᠤᠰᠤᠨ ᠠᠰᠢᠭᠯᠠᠯᠲᠠ ᠶᠢᠨ ᠲᠣᠪᠴᠢᠶ᠎ᠠ ︵ᠠᠵᠤ | ᠦᠢᠯᠡᠳᠪᠦᠷᠢ ᠶᠢᠨ ᠤᠰᠤ ᠬᠡᠷᠡᠭᠯᠡᠬᠦ ᠪᠠ ᠠᠵᠤ ᠦᠢᠯᠡᠳᠪᠦᠷᠢ ᠶᠢᠨ ᠤᠰᠤ ᠠᠷᠪᠢᠯᠠᠬᠤ ᠥᠭᠡᠷᠡᠴᠢᠯᠡᠯᠲᠡ ᠶᠢᠨ ᠲᠠᠯ᠎ᠠ ᠪᠠᠷ︶᠂ ᠡᠨᠧᠷᠭᠢ ᠶᠢᠨ ᠲᠣᠪᠴᠢᠶ᠎ᠠ ︵ | ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠡᠨᠧᠷᠭᠢ ᠶᠢᠨ ᠬᠥᠭᠵᠢᠯᠲᠡ ᠶᠢ ᠠᠬᠢᠭᠤᠯᠬᠤ ᠲᠥᠪ︶᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵ᠬᠤᠳᠠ | ᠪᠠᠯᠭᠠᠰᠤᠨ ᠤ ᠲᠥᠯᠦᠪᠵᠢᠭᠦᠯᠭᠡ ᠶᠢᠨ ᠡᠭᠦᠷᠭᠡ ᠴᠢᠳᠠᠪᠤᠷᠢ︶᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ︶᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ ︵ | ᠮᠦᠽᠧᠢ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠤᠯᠠᠭᠠᠨᠮᠥ᠋ᠴᠢᠷ︶᠂ ᠣᠷᠳᠣᠰ | ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠤᠲᠤᠭ ᠬᠤᠰᠢᠭᠤᠨ ᠤ ᠬᠤᠪᠢᠶᠠᠷᠢ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ | ᠪᠠᠶᠢᠭᠤᠯᠬᠤ ᠲᠥᠪ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠦᠢᠯᠡᠴᠢᠯᠡᠭᠡᠨ ᠤ ᠲᠥᠪ᠂ ᠣᠯᠠᠨ ᠨᠡᠶᠢᠲᠡ ᠶᠢᠨ ᠦᠢᠯᠡᠰ ᠤᠨ ᠦᠢᠯᠡᠴᠢᠯᠡᠭᠡᠨ ᠤ ᠲᠥᠪ᠂ ᠠᠷᠵᠠᠢ | ᠴᠢᠯᠠᠭᠤᠨ ᠠᠭᠤᠢ ᠶᠢᠨ ᠰᠤᠳᠤᠯᠭᠠᠨ ᠤ ᠭᠠᠵᠠᠷ᠂ ᠵᠧᠩ ᠾᠧ ᠬᠤᠲᠠ ᠶᠢᠨ ᠪᠦᠲᠦᠭᠡᠨ ᠪᠠᠶᠢᠭᠤᠯᠤᠯᠲᠠ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ | ᠬᠤᠪᠢᠶᠠᠨ ᠬᠠᠮᠢᠶᠠᠷᠤᠨ᠎ᠠ︔ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠰᠠᠩ᠂ ᠬᠠᠮ ᠵᠠᠭᠤᠴᠢᠯᠠᠭᠤᠷ ᠤᠨ ᠲᠥᠪ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠠᠬᠠᠮᠠᠳ ᠺᠠᠳ᠋ᠷᠴᠤᠳ ᠤᠨ | ᠦᠢᠯᠡᠴᠢᠯᠡᠭᠡᠨ ᠤ ᠲᠥᠪ ︵ᠨᠠᠰᠤᠲᠠᠶᠢᠴᠤᠳ ᠤᠨ ᠶᠡᠭᠡ ᠰᠤᠷᠭᠠᠭᠤᠯᠢ︶᠂ ᠣᠲᠤᠭ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠴᠢ ᠫᠠᠨ ᠵᠢᠩ ᠴᠠᠬᠢᠯᠭᠠᠨ | ᠬᠠᠩᠭᠠᠬᠤ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠷᠠᠳᠢᠣ᠋ ᠲᠧᠯᠸᠢᠰ ᠰᠦᠯᠵᠢᠶᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠣᠲᠤᠭ ᠤᠨ ᠬᠤᠪᠢᠶᠠᠷᠢ | ᠺᠣᠮᠫᠠᠨᠢ᠂ ᠴᠢᠯᠠᠭᠤᠨ ᠲᠣᠰᠣᠨ ᠤ ᠺᠣᠮᠫᠠᠨᠢ ᠲᠠᠢ ᠬᠠᠷᠢᠯᠴᠠᠨ᠎ᠠ᠃ | ᠲᠣᠪᠴᠢ ᠨᠠᠮᠲᠠᠷ᠄ | ᠨᠠᠰᠤᠨᠳᠡᠯᠭᠡᠷ᠂ ᠡᠷᠡᠭᠲᠡᠢ᠂ ᠮᠣᠩᠭᠤᠯ ᠦᠨᠳᠦᠰᠦᠲᠡᠨ᠂ 1979 ᠣᠨ ᠤ 4 ᠳ᠋ᠦ᠋ᠭᠡᠷ ᠰᠠᠷ᠎ᠠ ᠳᠤ ᠳᠦᠷᠦᠵᠡᠶ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ | ᠤᠳᠤ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠤᠰᠢᠭᠤ ᠳᠡᠳ᠋ | ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃ | |