ᠬᠠᠷᠢᠶ᠎ᠠ ᠣᠷᠣᠨ ᠤ ᠵᠠᠯᠠᠭᠤᠴᠤᠳ ᠪᠠᠭᠠᠴᠤᠳ ᠤᠨ ᠡᠪᠦᠯ ᠤᠨ ᠠᠮᠠᠷᠠᠯᠲᠠ ᠶᠢᠨ ᠠᠮᠢᠳᠤᠷᠠᠯ ᠢ ᠪᠠᠶᠠᠯᠢᠭᠵᠢᠭᠤᠯᠤᠨ᠂ ᠵᠠᠯᠠᠭᠤᠴᠤᠳ ᠪᠠᠭᠠᠴᠤᠳ ᠤᠨ | ᠬᠠᠷᠠᠭ᠎ᠠ ᠶᠢ ᠨᠢ ᠲᠡᠯᠡᠵᠦ᠂ ᠴᠢᠳᠠᠪᠤᠷᠢ ᠶᠢ ᠨᠢ ᠳᠡᠭᠡᠭᠰᠢᠯᠡᠭᠦᠯᠦᠨ᠂ ᠬᠠᠷᠢᠭᠤᠴᠠᠯᠭᠠᠲᠤ ᠰᠡᠳᠬᠢᠯᠭᠡ ᠶᠢ ᠨᠢ ᠬᠥᠮᠥᠵᠢᠭᠦᠯᠵᠦ᠂ ᠪᠥᠬᠦ ᠲᠠᠯ᠎ᠠ ᠶᠢᠨ ᠬᠥᠭᠵᠢᠯᠲᠡ ᠶᠢ ᠨᠢ | ᠠᠬᠢᠭᠤᠯᠬᠤ ᠶᠢᠨ ᠲᠥᠯᠥᠭᠡ᠂ ᠵᠢᠩ ᠠᠨ ᠨᠡᠶᠢᠭᠡᠮ ᠲᠣᠭᠤᠷᠢᠭ ᠤᠨ ᠬᠢᠨ ︽ᠠᠮᠠᠷᠠᠯᠲᠠ ᠶᠢᠨ ᠡᠳᠦᠷ ᠢᠶᠠᠨ ᠤᠳᠬ᠎ᠠ ᠠᠭᠤᠯᠭ᠎ᠠ ᠲᠠᠢ ᠥᠩᠭᠡᠷᠡᠭᠦᠯᠵᠦ᠂ ᠪᠠᠶᠠᠷ | ᠬᠥᠷ ᠲᠠᠢ ᠪᠠᠷ ᠦᠰᠦᠨ ᠪᠣᠶᠢᠵᠢᠬᠤ︾ ᠵᠠᠯᠠᠭᠤᠴᠤᠳ ᠪᠠᠭᠠᠴᠤᠳ ᠤᠨ ᠡᠪᠦᠯ ᠤᠨ ᠠᠮᠠᠷᠠᠯᠲᠠ ᠶᠢᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠬᠠᠷᠢᠶ᠎ᠠ ᠣᠷᠣᠨ ᠤ 80 ᠭᠠᠷᠤᠢ ᠵᠠᠯᠠᠭᠤᠴᠤᠳ ᠪᠠᠭᠠᠴᠤᠳ ᠢ ᠣᠷᠣᠯᠴᠠᠭᠤᠯᠪᠠ᠃ | ᠨᠡᠶᠢᠭᠡᠮ ᠲᠣᠭᠤᠷᠢᠭ ᠤᠨ ᠬᠢᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠤᠭᠤᠳᠴᠤ ᠮᠠᠰᠢ ᠤᠳᠬ᠎ᠠ ᠠᠭᠤᠯᠭ᠎ᠠ ᠲᠠᠢ ᠭᠡᠵᠦ ᠦᠵᠡᠭᠰᠡᠨ ᠨᠣᠮ | ᠪᠢᠴᠢᠭ ᠢᠶᠠᠨ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢᠨ ᠨᠣᠮ ᠤᠨ ᠥᠷᠥᠭᠡ ᠳᠤ ᠬᠠᠨᠳᠢᠪᠯᠠᠭᠤᠯᠵᠤ᠂ ᠪᠤᠰᠤᠳ ᠰᠠᠭᠤᠭᠠᠯᠢ ᠠᠷᠠᠳ᠂ ᠬᠡᠦᠬᠡᠳ ᠲᠤ ᠦᠨ᠎ᠡ | ᠲᠥᠯᠥᠪᠦᠷᠢ ᠦᠭᠡᠢ ᠪᠠᠷ ᠤᠩᠰᠢᠭᠤᠯᠤᠨ᠎ᠠ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠨᠣᠮ ᠰᠤᠳᠤᠷ ᠠᠴᠠ ᠳᠤᠮᠳᠠᠳᠤ ᠶᠢᠨ ᠤᠯᠠᠮᠵᠢᠯᠠᠯᠲᠤ | ᠰᠣᠶᠣᠯ ᠤᠨ ᠷᠢᠳᠢ ᠰᠢᠳᠢ ᠶᠢ ᠮᠡᠳᠡᠷᠡᠵᠦ᠂ ︽ᠨᠣᠮ ᠤᠩᠰᠢᠬᠤ ᠳᠤᠷᠠᠲᠠᠢ᠂ ᠰᠡᠳᠬᠢᠨ ᠪᠣᠳᠣᠯᠬᠢᠯᠠᠬᠤ ᠳᠠᠭᠠᠨ ᠴᠢᠳᠠᠮᠠᠭᠠᠢ︾ ᠰᠡᠳᠬᠢᠬᠦᠢ ᠶᠢ ᠪᠣᠢ ᠪᠣᠯᠭᠠᠬᠤ ᠪᠠᠷ | ᠲᠣᠰ ᠤᠳᠠᠭᠠᠨ ᠤ ᠬᠠᠶᠢᠷ᠎ᠠ ᠬᠠᠯᠠᠮᠵᠢ ᠶᠢᠨ ᠨᠣᠮ ᠬᠠᠨᠳᠢᠪᠯᠡᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠡᠪᠦᠯ ᠤᠨ ᠠᠮᠠᠷᠠᠯᠲᠠ ᠳᠠᠭᠤᠰᠲᠠᠯ᠎ᠠ | ᠶᠠᠪᠤᠭᠳᠠᠭᠤᠯᠤᠨ᠎ᠠ᠃ | ᠵᠠᠯᠠᠭᠤᠴᠤᠳ ᠪᠠᠭᠠᠴᠤᠳ ᠨᠡᠶᠢᠭᠡᠮ ᠲᠣᠭᠤᠷᠢᠭ ᠤᠨ ᠰᠠᠶᠢᠨ ᠳᠤᠷᠠᠴᠤᠳ ᠤᠨ ᠳᠠᠭᠠᠭᠤᠯᠭ᠎ᠠ ᠳᠣᠣᠷ᠎ᠠ ᠴᠡᠪᠡᠷᠯᠡᠭᠡ ᠬᠢᠬᠦ᠂ ᠰᠣᠶᠣᠯ ᠢ ᠤᠬᠠᠭᠤᠯᠬᠤ ᠵᠡᠷᠭᠡ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠬᠡᠦᠬᠡᠳ ᠤᠳ ᠠᠯᠴᠢᠭᠤᠷ ᠠᠪᠤᠨ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠤᠯᠠᠨ | ᠲᠦᠮᠡᠨ ᠤ ᠦᠢᠯᠡᠴᠢᠯᠡᠭᠡᠨ ᠤ ᠲᠥᠪ᠂ ᠰᠠᠭᠤᠭᠠᠯᠢ ᠠᠷᠠᠳ ᠤᠨ ᠬᠥᠳᠡᠯᠭᠡᠭᠡᠨ ᠤ ᠲᠥᠪ ᠤᠨ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢ ᠨᠢᠮᠪᠠᠢ ᠴᠡᠪᠡᠷᠯᠡᠵᠦ᠂ | ᠪᠣᠳᠠᠲᠤ ᠠᠵᠢᠯᠯᠠᠭ᠎ᠠ ᠪᠠᠷ ᠢᠶᠠᠨ ᠬᠠᠶᠢᠷ᠎ᠠ ᠬᠠᠯᠠᠮᠵᠢ ᠪᠠ ᠬᠠᠯᠠᠭᠤᠨ ᠳᠤᠯᠠᠭᠠᠨ ᠢ ᠳᠠᠮᠵᠢᠭᠤᠯᠪᠠ᠂ ᠡᠳᠡᠭᠡᠷ ᠠᠵᠢᠯᠯᠠᠭ᠎ᠠ ᠨᠢ ᠵᠠᠯᠠᠭᠤᠴᠤᠳ ᠪᠠᠭᠠᠴᠤᠳ ᠤᠨ | ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠬᠥᠮᠥᠵᠢᠭᠦᠯᠦᠭᠰᠡᠨ ᠢᠶᠠᠷ ᠪᠠᠷᠠᠬᠤ ᠦᠭᠡᠢ ᠪᠠᠰᠠ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠨᠡᠶᠢᠭᠡᠮ | ᠲᠣᠭᠤᠷᠢᠭ ᠢ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠤᠯᠠᠮ ᠴᠢᠨᠠᠭᠰᠢᠳᠠ ᠨᠡᠮᠡᠭᠳᠡᠭᠦᠯᠦᠭᠰᠡᠨ ᠪᠠᠶᠢᠨ᠎ᠠ᠃ | ᠨᠡᠶᠢᠭᠡᠮ ᠲᠣᠭᠤᠷᠢᠭ ᠤᠨ ᠬᠢᠨ ᠵᠠᠯᠠᠭᠤᠴᠤᠳ ᠪᠠᠭᠠᠴᠤᠳ ᠢ ᠤᠷᠢᠵᠤ ᠨᠡᠶᠢᠭᠡᠮ ᠲᠣᠭᠤᠷᠢᠭ ᠤᠨ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠭᠤᠣᠯ | ᠰᠡᠳᠦᠪᠲᠦ ᠰᠢᠷᠢᠰ ᠠᠵᠢᠯᠯᠠᠭ᠎ᠠ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠳᠤ ᠣᠷᠣᠯᠴᠠᠭᠤᠯᠵᠤ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ | ᠢᠷᠡᠯᠲᠡ᠂ ᠤᠳᠬ᠎ᠠ ᠠᠭᠤᠯᠭ᠎ᠠ ᠪᠣᠯᠣᠨ ᠬᠠᠮᠢᠶ᠎ᠠ ᠪᠦᠬᠦᠢ ᠵᠠᠩ ᠳᠠᠳᠬᠠᠯ ᠤᠨ ᠠᠵᠢᠯᠯᠠᠭ᠎ᠠ ᠶᠢ ᠦᠢᠯᠡᠳᠦᠯᠭᠡ ᠶᠢᠨ ᠳᠤᠮᠳᠠ ᠠᠴᠠ ᠣᠶᠢᠯᠠᠭᠠᠭᠤᠯᠤᠨ᠂ ᠥᠪᠡᠷ ᠢᠶᠠᠨ | ᠳ᠋ᠧᠩᠯᠦ ᠬᠢᠬᠦ᠂ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠪᠣᠣᠪᠤ ᠴᠢᠨᠠᠬᠤ ᠪᠠᠷ ᠲᠠᠮᠵᠢᠨ ᠪᠣᠳᠠᠲᠤ ᠠᠵᠢᠯᠯᠠᠭ᠎ᠠ ᠶᠢᠨ ᠳᠤᠮᠳᠠ ᠪᠠᠨ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠡᠢ᠃ | ᠲᠣᠰ ᠤᠳᠠᠭᠠᠨ ᠤ ᠠᠵᠢᠯᠯᠠᠭ᠎ᠠ ᠶᠢᠨ ᠠᠭᠤᠯᠭ᠎ᠠ ᠨᠢ ᠡᠯᠪᠡᠭ ᠪᠠᠶᠠᠯᠢᠭ ᠪᠠᠶᠢᠵᠤ᠂ ᠰᠤᠷᠭᠠᠨ ᠬᠥᠮᠦᠵᠢᠯ ᠢ ᠨᠠᠭᠠᠳᠤᠮ ᠳᠤ ᠠᠭᠤᠰᠬᠠᠭᠰᠠᠨ ᠠᠴᠠ ᠭᠡᠷ ᠤᠨ | ᠠᠬᠠᠮᠠᠳ ᠤᠨ ᠰᠠᠶᠢᠨ ᠦᠨᠡᠯᠡᠯᠲᠡ ᠶᠢ ᠣᠯᠵᠤ᠂ ᠢᠳᠡᠪᠬᠢᠲᠡᠢ ᠪᠥᠭᠡᠳ ᠡᠷᠡᠭᠦᠯ ᠰᠠᠷᠠᠭᠤᠯ ᠨᠡᠶᠢᠭᠡᠮ ᠲᠣᠭᠤᠷᠢᠭ ᠤᠨ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ | ᠵᠤᠵᠠᠭᠠᠳᠬᠠᠭᠰᠠᠨ ᠪᠠᠶᠢᠨ᠎ᠠ᠃ | | | |