ᠰᠦᠮᠡᠲᠦ ᠰᠤᠮᠤᠨ ᠤ ᠴᠠᠭᠠᠨ ᠰᠠᠷ᠎ᠠ ᠶᠢᠨ ᠤᠳᠬ᠎ᠠ ᠤᠷᠠᠯᠢᠭ ᠤᠨ ᠬᠥᠳᠡᠯᠭᠡᠭᠡᠨ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2025/2/27
      ᠰᠦᠮᠡᠲᠦ ᠰᠤᠮᠤᠨ ᠤ ︽ᠤᠮᠠᠷᠠᠲᠤ ᠶᠢᠨ ᠰᠣᠶᠣᠯ ᠨᠢ ᠭᠡᠷᠡᠯ ᠭᠢᠯᠪᠠᠭ᠎ᠠ ᠪᠠᠨ ᠪᠠᠳᠠᠷᠠᠭᠤᠯᠵᠤ᠂ ᠠᠷᠠᠳ ᠤᠨ ᠲᠣᠭᠯᠠᠯᠲᠠ ᠨᠢ ᠥᠯᠵᠡᠢ ᠬᠡᠶᠢᠮᠣᠷᠢ ᠶᠢ ᠪᠡᠯᠭᠡᠳᠡᠬᠦ 2025 ᠣᠨ ᠤ ᠴᠠᠭᠠᠨ ᠰᠠᠷ᠎ᠠ ᠶᠢᠨ ᠤᠯᠠᠨ ᠲᠦᠮᠡᠨᠴᠢ ᠴᠢᠨᠠᠷᠲᠠᠢ ᠤᠳᠬ᠎ᠠ ᠤᠷᠠᠯᠢᠭ ᠤᠨ ᠠᠵᠢᠯᠯᠠᠭ᠎ᠠ︾ ᠠᠮᠵᠢᠯᠲᠠᠲᠠᠢ ᠶᠠᠪᠤᠭᠳᠠᠵᠤ᠂ ᠲᠣᠰ ᠠᠵᠢᠯᠯᠠᠭ᠎ᠠ ᠳᠤ ᠣᠲᠤᠭ ᠬᠤᠰᠢᠭᠤᠨ ᠤ ᠤᠯᠠᠭᠠᠨᠮᠥ᠋ᠴᠢᠷ ᠤᠨ ᠬᠢᠨ ᠪᠣᠯᠣᠨ ᠮᠠᠯᠴᠢᠨ ᠲᠠᠷᠢᠶᠠᠴᠢᠨ ᠬᠠᠮᠲᠤ ᠪᠠᠷ ᠣᠷᠣᠯᠴᠠᠵᠤ᠂ ᠲᠤᠬᠠᠢ ᠶᠢᠨ ᠭᠠᠵᠠᠷ ᠤᠨ ᠣᠯᠠᠨ ᠲᠦᠮᠡᠨ ᠳᠤ ᠡᠯᠪᠡᠭ ᠪᠠᠶᠠᠯᠢᠭ ᠰᠣᠶᠣᠯ ᠤᠨ ᠦᠪᠡᠳᠡᠭᠰᠢ ᠨᠠᠶᠢᠷ ᠢ ᠬᠦᠷᠭᠡᠪᠡ᠃        ᠲᠣᠭᠯᠠᠯᠲᠠ ᠶᠢᠨ ᠠᠬᠤᠢ ᠲᠠᠯᠠᠪᠠᠶ ᠳᠤ᠂ ᠲᠣᠭᠯᠠᠭᠴᠢᠳ ᠦᠵᠡᠰᠬᠦᠯᠡᠩᠲᠦ ᠭᠤᠸ᠎ᠠ ᠬᠤᠪᠴᠠᠰᠤ ᠵᠠᠰᠠᠯ᠂ ᠴᠤᠭ ᠪᠠᠳᠠᠷᠠᠩᠭᠤᠢ ᠳᠦᠷᠢ ᠪᠠᠶᠢᠳᠠᠯ ᠪᠠ ᠣᠷᠭᠢᠯᠤᠮ᠎ᠠ ᠬᠠᠯᠠᠭᠤᠨ ᠤᠷᠮ᠎ᠠ ᠰᠡᠳᠬᠢᠯᠭᠡ ᠪᠠᠷ ᠢᠶᠠᠨ ᠠᠬᠤᠢ ᠲᠠᠯᠠᠪᠠᠶ ᠶᠢᠨ ᠠᠭᠤᠷ ᠠᠮᠢᠰᠬᠤᠯ ᠢ ᠬᠥᠭᠵᠢᠭᠡᠪᠡ᠃ ︽ᠵᠢᠭᠠᠬᠠᠨ ᠰᠢᠷᠭ᠎ᠠ︾᠂ ︽ᠨᠠᠮ ᠤᠨ ᠬᠥᠮᠦᠵᠢᠯ︾ ᠭᠡᠬᠦ ᠮᠡᠲᠦ ᠶᠢᠨ ᠢᠷᠠᠭᠤ ᠰᠠᠶᠢᠬᠠᠨ ᠳᠠᠭᠤᠤ ᠨᠤᠭᠤᠳ ᠨᠢ ᠦᠵᠡᠭᠴᠢᠳ ᠢ ᠰᠣᠭᠲᠣᠭᠤᠷᠠᠭᠤᠯᠤᠨ᠎ᠠ᠃ ᠳᠥᠷᠪᠡᠨ ᠤᠲᠠᠰᠤᠲᠤ ᠬᠤᠭᠤᠷ ᠤᠨ ᠭᠤᠴᠣᠯᠠᠯ ᠬᠥᠭᠵᠢᠮ ︽ᠢᠷᠠᠭᠤ ᠠᠯᠳᠠᠷᠲᠤ ᠰᠢᠨ᠎ᠡ ᠨᠢᠭᠡ ᠦᠶ᠎ᠡ︾ ᠨᠢ ᠨᠠᠩ ᠴᠤ ᠦᠨᠳᠦᠰᠦᠲᠡᠨ ᠤ ᠬᠥᠭᠵᠢᠮ ᠤᠨ ᠥᠪᠡᠷᠮᠢᠴᠡ ᠭᠠᠶᠢᠬᠠᠮᠰᠢᠭ ᠢ ᠬᠠᠷᠠᠭᠤᠯᠪᠠ᠃ ᠣᠷᠳᠣᠰ ᠤᠨ ᠠᠷᠠᠳ ᠤᠨ ᠨᠠᠶᠢᠷᠠᠯ ᠬᠥᠭᠵᠢᠮ ︽ᠤᠷᠠᠨ ᠲᠠᠩᠨᠠᠢ︾᠂ ︽ᠨᠠᠢᠮᠠᠨ ᠰᠠᠷ᠎ᠠ ᠶᠢᠨ ᠨᠠᠪᠴᠢ ᠴᠡᠴᠡᠭ︾᠂ ︽ᠠᠷᠪᠠᠨ ᠬᠤᠶᠠᠷ ᠵᠢᠯ︾ ᠵᠡᠷᠭᠡ ᠨᠢ ᠣᠷᠳᠣᠰ ᠨᠠᠶᠢᠷ ᠤᠨ ᠰᠠᠶᠢᠬᠠᠨ ᠢ ᠢᠯᠡᠷᠡᠭᠦᠯᠪᠡ᠃ ︽ᠬᠡᠦᠬᠡᠨ ᠮᠣᠷᠳᠠᠭᠤᠯᠬᠤ ᠪᠥᠵᠢᠭ︾ ᠨᠢ ᠠᠬᠤᠢ ᠲᠠᠯᠠᠪᠠᠢ ᠶᠢ ᠬᠥᠷ ᠬᠥᠭᠵᠢᠶᠡᠨ ᠢᠶᠠᠷ ᠪᠢᠯᠬᠠᠭᠤᠯᠵᠤ᠂ ᠲᠠᠶᠢᠰᠠᠨ ᠳᠣᠣᠷ᠎ᠠ ᠠᠯᠠᠭ᠎ᠠ ᠲᠠᠰᠢᠬᠤ ᠲᠠᠭᠤᠨ ᠨᠢᠵᠢᠭᠢᠨᠡᠨ᠂ ᠬᠥᠭᠡᠷᠦᠯᠳᠦᠨ ᠢᠨᠢᠶᠡᠯᠳᠦᠬᠦ ᠲᠠᠭᠤᠨ ᠲᠤᠭᠤᠯᠳᠠᠨ᠎ᠠ᠃      ᠤᠷᠠᠨ ᠰᠠᠶᠢᠬᠠᠨ ᠤ ᠲᠣᠭᠯᠠᠯᠲᠠ ᠳᠠᠭᠤᠰᠤᠭᠰᠠᠨ ᠤ ᠳᠠᠷᠠᠭ᠎ᠠ᠂ ᠰᠦᠮᠡᠲᠦ ᠰᠤᠮᠤ ᠪᠠᠰᠠ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠨᠡᠶᠢᠭᠡᠮ ᠤᠨ ᠠᠵᠢᠯ ᠤᠨ ᠥᠷᠲᠡᠭᠡ ᠠᠴᠠ ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ ᠭᠡᠷᠡᠴᠢᠯᠡᠯ ᠬᠢᠵᠦ ᠥᠭᠬᠦ ᠦᠢᠯᠡᠴᠢᠯᠡᠭᠡ ᠬᠠᠩᠭᠠᠵᠤ᠂ ᠲᠡᠳᠡᠨ ᠢ ᠬᠠᠪᠰᠤᠷᠤᠨ ᠭᠠᠷ ᠤᠲᠠᠰᠤ ᠪᠠᠷ ᠮᠡᠳᠡᠭᠡ ᠵᠠᠩᠭᠢ ᠶᠢ ᠨᠢ ᠲᠠᠭᠯᠠᠪᠠ︔ ᠡᠷᠡᠭᠦᠯ ᠬᠠᠮᠠᠭᠠᠯᠠᠯ ᠤᠨ ᠬᠤᠷᠢᠶ᠎ᠠ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠥᠷᠨᠢᠭᠦᠯᠵᠦ᠂ ᠲᠤᠬᠠᠢ ᠶᠢᠨ ᠲᠠᠯᠠᠪᠤᠷ ᠤᠨ ᠮᠠᠯᠴᠢᠨ ᠲᠠᠷᠢᠶᠠᠴᠢᠨ ᠳᠤ ᠦᠨ᠎ᠡ ᠲᠥᠯᠥᠪᠦᠷᠢ ᠦᠭᠡᠢ ᠪᠠᠷ ᠴᠢᠰᠤᠨ ᠳᠠᠷᠤᠯᠲᠠ ᠴᠢᠰᠤᠨ ᠰᠢᠬᠢᠷ ᠢ ᠨᠢ ᠬᠡᠮᠵᠢᠵᠦ ᠥᠭᠪᠡ︔ ᠡᠭᠦᠨ ᠤ ᠬᠠᠮᠲᠤ᠂ ᠪᠠᠰᠠ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠶᠢ ᠬᠠᠩᠭᠠᠵᠤ᠂ ᠠᠷᠠᠳ ᠣᠯᠠᠨ ᠳᠤ ᠳᠥᠭᠦᠮ ᠳᠥᠲᠡ ᠪᠠ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ᠃      ᠮᠠᠯᠴᠢᠨ ᠯᠢᠦ ᠯᠠᠨ ᠶᠢᠩ᠄ ᠥᠨᠥᠳᠥᠷ ᠰᠦᠮᠡᠲᠦ ᠰᠤᠮᠤᠨ ᠳᠤ ᠥᠷᠨᠢᠭᠦᠯᠦᠭᠰᠡᠨ ᠤᠯᠠᠨ ᠲᠦᠮᠡᠨᠴᠢ ᠤᠷᠠᠨ ᠰᠠᠶᠢᠬᠠᠨ ᠤ ᠠᠵᠢᠯᠯᠠᠭ᠎ᠠ ᠳᠤ ᠪᠢ ᠣᠯᠠᠨ ᠰᠠᠶᠢᠬᠠᠨ ᠲᠣᠭᠯᠠᠯᠲᠠ ᠶᠢ ᠰᠣᠨᠢᠷᠬᠠᠭᠠᠳ ᠶᠡᠭᠡ ᠪᠠᠶᠠᠷᠲᠠᠢ ᠪᠠᠶᠢᠨ᠎ᠠ᠃ ᠬᠤᠶᠢᠰᠢᠳᠠ ᠪᠢᠲᠡ ︽ᠨᠠᠶᠢᠷ︾ ᠰᠣᠶᠣᠯ ᠢ ᠦᠶ᠎ᠡ ᠶᠢᠨ ᠦᠶ᠎ᠡ ᠳᠡᠭᠡᠨ ᠤᠯᠠᠮᠵᠢᠯᠠᠨ ᠵᠠᠯᠭᠠᠮᠵᠢᠯᠠᠵᠤ᠂ ᠡᠶᠢᠮᠦᠷᠬᠦᠦ ᠠᠵᠢᠯᠯᠠᠭ᠎ᠠ ᠶᠢ ᠢᠯᠡᠭᠦᠬᠡᠨ ᠡᠷᠬᠢᠯᠡᠨ ᠬᠢᠬᠦ ᠶᠢ ᠬᠦᠰᠡᠵᠦ ᠪᠠᠶᠢᠨ᠎ᠠ ᠭᠡᠪᠡ᠃      ᠮᠠᠯᠴᠢᠨ ᠰᠡᠴᠡᠨᠪᠠᠭᠠᠲᠤᠷ᠄ ᠨᠡᠩ ᠤᠯᠠᠨ ᠵᠠᠯᠠᠭᠤᠴᠤᠳ ᠪᠢᠳᠡᠨ ᠤ ᠡᠩᠨᠡᠭᠡᠨ ᠳᠤ ᠣᠷᠣᠯᠴᠠᠵᠤ᠂ ︽ᠨᠠᠶᠢᠷ︾ ᠰᠣᠶᠣᠯ ᠢ ᠤᠯᠠᠮᠵᠢᠯᠠᠨ ᠬᠥᠭᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ ᠪᠢᠳᠡ ᠨᠡᠩ ᠤᠯᠠᠨ ᠰᠢᠨ᠎ᠡ ᠲᠣᠭᠯᠠᠯᠲᠠ ᠭᠠᠷᠭᠠᠵᠤ᠂ ᠰᠣᠶᠣᠯ ᠤᠨ ᠬᠦᠴᠦᠨ ᠢᠶᠠᠷ ᠨᠡᠩ ᠤᠯᠠᠨ ᠬᠥᠮᠥᠨ ᠢ ᠨᠥᠯᠥᠭᠡᠯᠡᠬᠦ ᠶᠤᠮ᠃      ᠲᠣᠰ ᠤᠳᠠᠭᠠᠨ ᠤ ᠤᠳᠬ᠎ᠠ ᠤᠷᠠᠯᠢᠭ ᠤᠨ ᠠᠵᠢᠯᠯᠠᠭ᠎ᠠ ᠨᠢ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠪᠠᠰᠠ ᠥᠷᠭᠡᠨ ᠣᠯᠠᠨ ᠤᠳᠬ᠎ᠠ ᠤᠷᠠᠯᠢᠭ ᠤᠨ ᠳᠤᠷ᠎ᠠ ᠪᠠᠭ᠋ᠠᠲᠠᠳ ᠲᠤ ᠰᠣᠯᠢᠯᠴᠠᠭ᠎ᠠ ᠰᠤᠷᠤᠯᠴᠠᠯᠭ᠎ᠠ ᠶᠢᠨ ᠲᠠᠪᠴᠠᠩ ᠬᠠᠩᠭᠠᠨ᠂ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠳᠤ ᠣᠷᠣᠯᠴᠠᠬᠤ ᠤᠷᠮ᠎ᠠ ᠵᠣᠷᠢᠭ ᠢ ᠤᠯᠠᠮ ᠨᠢᠭᠡ ᠠᠯᠬᠤᠮ ᠬᠥᠭᠵᠢᠭᠡᠵᠦ᠂ ᠰᠦᠮᠡᠲᠦ ᠰᠤᠮᠤᠨ ᠤ ᠰᠣᠶᠣᠯ ᠤᠨ ᠪᠠᠶᠢᠭᠤᠯᠤᠯᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ