︽ᠲᠠᠪᠤᠨ ᠬᠤᠷᠢᠶ᠎ᠠ ᠵᠢᠷᠭᠤᠭᠠᠨ ᠥᠷᠲᠡᠭᠡ︾᠂ ︽ᠡᠷᠡᠭᠦᠯ ᠮᠡᠨᠳᠦ ᠶᠢᠨ ᠬᠠᠮᠢᠶᠠᠷᠤᠭᠴᠢ︾ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠵᠦ  ᠨᠠᠰᠤᠲᠠᠶᠢᠴᠤᠳ ᠤᠨ ︽ᠠᠮᠢ ᠨᠠᠰᠤᠨ ᠤ ᠱᠤᠭᠤᠮ︾ ᠢ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2025/2/27
      ᠤᠯᠠᠭᠠᠨᠪᠠᠯᠭᠠᠰᠤᠨ ᠤ ᠨᠡᠶᠢᠭᠡᠮ ᠤᠨ ᠠᠵᠢᠯ ᠤᠨ ᠥᠷᠲᠡᠭᠡ ᠳᠤ ᠪᠠᠢ ᠨᠠᠰᠤᠲᠠᠨ ᠤᠲᠠᠰᠤ ᠢᠷᠡᠭᠦᠯᠵᠦ ᠴᠠᠭᠠᠨ ᠰᠠᠷ᠎ᠠ ᠶᠢᠨ ᠬᠤᠭᠤᠴᠠᠭᠠᠨ ᠳᠤ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠠᠭᠤᠯᠵᠠᠨ ᠮᠢᠬ᠎ᠠ ᠲᠣᠰᠣ ᠲᠠᠢ ᠬᠤᠭᠤᠯᠠ ᠪᠤᠳᠠᠭ᠎ᠠ ᠢᠳᠡᠭᠡᠳ ᠴᠢᠰᠤᠨ ᠰᠢᠬᠢᠷ ᠪᠠ ᠴᠢᠰᠤᠨ ᠳᠠᠷᠤᠯᠲᠠ ᠨᠢ ᠲᠣᠭᠲᠠᠪᠤᠷᠢ ᠦᠭᠡᠢ ᠪᠣᠯᠣᠭᠰᠠᠨ ᠠᠴᠠ ᠨᠡᠶᠢᠭᠡᠮ ᠤᠨ ᠠᠵᠢᠯ ᠤᠨ ᠥᠷᠲᠡᠭᠡ ᠠᠴᠠ ᠭᠡᠷ ᠲᠤᠨᠢ ᠬᠦᠷᠴᠦ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ ᠬᠠᠪᠰᠤᠷᠤᠮᠵᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃ ᠤᠲᠠᠰᠤ ᠶᠢ ᠲᠣᠰᠣᠮᠠᠭᠴᠠ ᠨᠡᠶᠢᠭᠡᠮ ᠤᠨ ᠠᠵᠢᠯ ᠤᠨ ᠥᠷᠲᠡᠭᠡ ᠠᠴᠠ ᠳᠠᠷᠤᠶᠢᠬᠠᠨ ᠭᠡᠷ ᠲᠤᠨᠢ ᠬᠦᠷᠴᠦ ᠬᠠᠩᠭᠠᠭᠰᠠᠨ ᠪᠠᠶᠢᠨ᠎ᠠ᠃      ᠥᠨᠳᠥᠷ ᠨᠠᠰᠤᠲᠠᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠬᠦᠷᠲᠡᠭᠰᠡᠳ᠂ ᠵᠡᠮᠳᠡᠭ ᠨᠠᠰᠤᠲᠠᠨ ᠤ ᠴᠢᠰᠤᠨ ᠳᠠᠷᠤᠯᠲᠠ᠂ ᠴᠢᠰᠤᠨ ᠰᠢᠬᠢᠷ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠡᠮᠵᠢᠬᠦ ᠨᠢ ᠤᠳᠠᠭᠠᠨ ᠴᠢᠨᠠᠷᠲᠠᠢ ᠡᠪᠡᠳᠴᠢᠨ ᠬᠦᠨᠳᠦᠷᠡᠬᠦ ᠶᠢ ᠰᠡᠷᠭᠡᠶᠢᠯᠡᠬᠦ ᠳᠤ ᠲᠤᠶᠢᠯ ᠤᠨ ᠴᠢᠬᠤᠯᠠ ᠪᠠᠶᠢᠳᠠᠭ᠃ ᠭᠡᠪᠡᠴᠦ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠡᠬᠢ ᠪᠠᠶᠠᠯᠢᠭ ᠬᠦᠷᠦᠯᠴᠡᠬᠦ ᠦᠭᠡᠢ᠂ ᠬᠥᠳᠡᠯᠵᠦ ᠪᠠᠷᠢᠬᠤ ᠳᠤ ᠳᠥᠭᠦᠮ ᠦᠭᠡᠢ ᠪᠤᠶᠤ ᠠᠵᠤ ᠠᠬᠤᠢ ᠶᠢᠨ ᠳᠠᠷᠤᠭᠠᠰᠤ ᠠᠴᠠ ᠪᠣᠯᠵᠤ᠂ ᠮᠠᠰᠢ ᠣᠯᠠᠨ ᠵᠡᠮᠳᠡᠭ ᠪᠤᠶᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠪᠤᠷᠢ ᠭᠥᠷᠳᠡᠵᠦ ᠪᠠᠶᠢᠭ᠎ᠠ ᠨᠠᠰᠤᠲᠠᠶᠢᠴᠤᠳ ᠪᠠᠶᠢᠨ ᠳᠠᠬᠢᠨ ᠡᠮᠨᠡᠯᠭᠡ ᠶᠢᠨ ᠬᠤᠷᠢᠶᠠᠨ ᠳᠤ ᠬᠦᠷᠴᠦ ᠲᠤᠰᠬᠠᠢ ᠮᠡᠷᠭᠡᠵᠢᠯ ᠤᠨ ᠪᠠᠶᠢᠴᠠᠭᠠᠯᠲᠠ ᠬᠢᠬᠦ ᠳᠤ ᠬᠦᠴᠢᠷᠲᠡᠢ ᠪᠠᠶᠢᠨ᠎ᠠ᠃ ᠡᠶᠢᠮᠦ ᠤᠴᠢᠷ ᠠᠴᠠ ᠨᠡᠶᠢᠭᠡᠮ ᠤᠨ ᠠᠵᠢᠯ ᠤᠨ ᠥᠷᠲᠡᠭᠡᠨ ᠤ ᠬᠢᠨ ︽ᠡᠷᠡᠭᠦᠯ ᠮᠡᠨᠳᠦ ᠶᠢᠨ ᠬᠠᠮᠢᠶᠠᠷᠤᠭᠴᠢ︾ ᠶᠢᠨ ᠠᠵᠢᠯᠯᠠᠭ᠎ᠠ ᠥᠷᠨᠢᠭᠦᠯᠦᠨ᠂ ᠰᠠᠶᠢᠨ ᠳᠤᠷᠠᠴᠤᠳ ᠲᠤᠰᠬᠠᠢ ᠲᠥᠬᠦᠭᠡᠷᠦᠮᠵᠢ ᠪᠠᠨ ᠠᠪᠴᠤ ᠵᠡᠮᠳᠡᠭ ᠪᠤᠶᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠪᠤᠷᠢ ᠭᠥᠷᠳᠡᠵᠦ ᠪᠠᠶᠢᠭ᠎ᠠ ᠨᠠᠰᠤᠲᠠᠨ ᠤ ᠭᠡᠷ ᠲᠤᠨᠢ ᠬᠦᠷᠴᠦ ᠲᠡᠳᠡᠨ ᠳᠤ ᠴᠢᠰᠤᠨ ᠳᠠᠷᠤᠯᠲᠠ᠂ ᠴᠢᠰᠤᠨ ᠰᠢᠬᠢᠷ ᠢ ᠨᠢ ᠬᠡᠮᠵᠢᠬᠦ ᠦᠢᠯᠡᠴᠢᠯᠡᠭᠡ ᠬᠠᠩᠭᠠᠵᠤ ᠪᠠᠶᠢᠨ᠎ᠠ᠃      ᠦᠢᠯᠡᠴᠢᠯᠡᠭᠡᠨ ᠤ ᠣᠨᠣᠪᠴᠢᠲᠤ ᠴᠢᠨᠠᠷ ᠪᠠ ᠳᠦᠷᠢᠮᠵᠢᠯᠲᠦ ᠴᠢᠨᠠᠷ ᠢ ᠪᠠᠲᠤᠯᠠᠬᠤ ᠶᠢᠨ ᠲᠥᠯᠥᠭᠡ᠂ ᠤᠯᠠᠭᠠᠨᠪᠠᠯᠭᠠᠰᠤᠨ ᠤ ᠨᠡᠶᠢᠭᠡᠮ ᠤᠨ ᠠᠵᠢᠯ ᠤᠨ ᠥᠷᠲᠡᠭᠡ ᠠᠴᠠ ᠦᠢᠯᠡᠴᠢᠯᠡᠭᠡ ᠥᠷᠨᠢᠭᠦᠯᠬᠦ ᠠᠴᠠ ᠡᠮᠦᠨ᠎ᠡ ᠭᠦᠢᠴᠡᠳ ᠪᠡᠯᠡᠳᠬᠡᠯ ᠬᠢᠵᠦ᠂ ᠲᠤᠰᠬᠠᠢ ᠮᠡᠷᠭᠡᠵᠢᠯ ᠤᠨ ᠡᠮᠨᠡᠯᠭᠡ ᠶᠢᠨ ᠠᠵᠢᠯᠲᠠᠨ ᠢ ᠣᠨᠴᠠᠭᠠᠶᠢᠯᠠᠨ ᠤᠷᠢᠨ ᠪᠣᠶ ᠪᠦᠬᠦᠢ ᠰᠠᠶᠢᠨ ᠳᠤᠷᠠᠴᠤᠳ ᠲᠤ ᠴᠢᠰᠤᠨ ᠳᠠᠷᠤᠯᠲᠠ᠂ ᠴᠢᠰᠤᠨ ᠰᠢᠬᠢᠷ ᠢ ᠵᠥᠪ ᠣᠨᠣᠪᠴᠢᠲᠠᠶ ᠬᠡᠮᠵᠢᠬᠦ ᠠᠷᠭ᠎ᠠ᠂ ᠬᠡᠮᠵᠢᠯᠲᠡ ᠶᠢᠨ ᠲᠥᠬᠦᠭᠡᠷᠦᠮᠵᠢ ᠶᠢᠨ ᠠᠵᠢᠯᠯᠠᠭᠠᠨ ᠤ ᠶᠠᠪᠤᠴᠠ᠂ ᠠᠩᠬᠠᠷᠬᠤ ᠵᠦᠢᠯ ᠵᠢᠴᠢ ᠲᠤᠭ᠎ᠠ ᠪᠠᠷᠢᠮᠲᠠ ᠶᠢ ᠲᠠᠶᠢᠯᠪᠤᠷᠢᠯᠠᠬᠤ ᠠᠷᠭ᠎ᠠ᠂ ᠦᠷᠭᠦᠯᠵᠢ ᠲᠣᠬᠢᠶᠠᠯᠳᠤᠬᠤ ᠤᠳᠠᠭᠠᠨ ᠴᠢᠨᠠᠷᠲᠠᠢ ᠡᠪᠡᠳᠴᠢᠨ ᠢ ᠢᠯᠭᠠᠨ ᠲᠠᠨᠢᠬᠤ ᠪᠠ ᠠᠮᠤᠷ ᠲᠦᠪᠰᠢᠨ ᠢᠶᠠᠷ ᠡᠮ ᠬᠡᠷᠡᠭᠯᠡᠬᠦ ᠮᠡᠳᠡᠯᠭᠡ ᠵᠢᠴᠢ ᠦᠨᠳᠦᠰᠦᠨ ᠲᠦᠷᠭᠡᠨ ᠠᠪᠤᠷᠠᠬᠤ ᠴᠢᠳᠠᠪᠤᠷᠢ ᠶᠢ ᠪᠠᠭᠲᠠᠭᠠᠭᠰᠠᠨ ᠪᠣᠯᠪᠠᠰᠤᠷᠠᠯ ᠬᠦᠷᠲᠡᠭᠡᠵᠦ᠂ ᠰᠠᠶᠢᠨ ᠳᠤᠷᠠᠴᠤᠳ ᠤᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠲᠤᠭ᠎ᠠ ᠪᠠᠷᠢᠮᠲᠠ ᠶᠢ ᠪᠣᠯᠪᠠᠰᠤᠷᠠᠩᠭᠤᠢ ᠡᠵᠡᠮᠰᠢᠬᠦ ᠶᠢᠨ ᠬᠠᠮᠲᠤ ᠣᠨᠣᠪᠴᠢᠲᠠᠶ ᠲᠡᠮᠳᠡᠭᠯᠡᠬᠦ ᠶᠢ ᠪᠠᠲᠤᠯᠠᠪᠠ᠃      ᠴᠠᠭᠠᠨ ᠰᠠᠷ᠎ᠠ ᠥᠩᠭᠡᠷᠡᠭᠰᠡᠨ ᠤ ᠳᠠᠷᠠᠭ᠎ᠠ᠂ ᠨᠡᠶᠢᠭᠡᠮ ᠤᠨ ᠠᠵᠢᠯ ᠤᠨ ᠥᠷᠲᠡᠭᠡᠨ ᠤ ᠰᠠᠶᠢᠨ ᠳᠤᠷᠠᠴᠤᠳ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠪᠤᠷᠢ ᠭᠥᠷᠳᠡᠵᠦ ᠪᠠᠶᠢᠭ᠎ᠠ ᠵᠢᠴᠢ ᠵᠡᠮᠳᠡᠭ ᠨᠠᠰᠤᠲᠠᠨ ᠵᠡᠷᠭᠡ 40 ᠡᠷᠦᠬᠡ ᠳᠤ ᠬᠦᠷᠴᠦ᠂ ᠨᠢᠭᠡ ᠨᠢᠭᠡ ᠪᠠᠷ ᠴᠢᠰᠤᠨ ᠳᠠᠷᠤᠯᠲᠠ ᠶᠢ ᠨᠢ ᠬᠡᠮᠵᠢᠵᠦ᠂ ᠴᠢᠰᠤᠨ ᠰᠢᠬᠢᠷ ᠢ ᠨᠢ ᠪᠠᠶᠢᠴᠠᠭᠠᠨ᠂ ᠲᠡᠳᠡᠨ ᠤ ᠡᠷᠡᠭᠦᠯ ᠮᠡᠨᠳᠦ ᠶᠢᠨ ᠲᠤᠭ᠎ᠠ ᠪᠠᠷᠢᠮᠲᠠ ᠶᠢ ᠨᠠᠷᠢᠨ ᠲᠡᠮᠳᠡᠭᠯᠡᠵᠦ᠂ ᠪᠡᠶ᠎ᠡ ᠶᠢᠨ ᠪᠠᠶᠢᠳᠠᠯ ᠢ ᠨᠢ ᠬᠦᠯᠢᠴᠡᠩᠭᠦᠢ ᠪᠠᠷ ᠠᠰᠠᠭᠤᠵᠤ ᠯᠠᠪᠯᠠᠨ᠂ ᠵᠣᠬᠢᠬᠤ ᠰᠠᠨᠠᠭᠤᠯᠭ᠎ᠠ ᠳᠤᠷᠠᠳᠴᠤ᠂ ᠲᠡᠳᠡᠨ ᠳᠤ ᠪᠠᠶᠠᠷ ᠤᠨ ᠡᠳᠦᠷ ᠤᠨ ᠳᠠᠷᠠᠭ᠎ᠠ ᠢᠳᠡᠵᠦ ᠤᠤᠭᠤᠬᠤ ᠤᠨᠲᠠᠵᠤ ᠠᠮᠠᠷᠠᠬᠤ ᠳᠤ ᠠᠩᠬᠠᠷᠬᠤ ᠴᠢᠬᠤᠯᠠᠲᠠᠢ ᠵᠦᠢᠯᠡᠰ ᠢ ᠰᠠᠨᠠᠭᠤᠯᠬᠤ ᠶᠢᠨ ᠳᠠᠭᠠᠤ ᠲᠦᠷᠭᠡᠨ ᠠᠪᠤᠷᠠᠯᠳᠠ ᠶᠢᠨ ᠮᠡᠳᠡᠯᠭᠡ ᠶᠢ ᠲᠠᠶᠢᠯᠪᠤᠷᠢᠯᠠᠨ᠂ ᠡᠮ ᠤᠤᠭᠤᠬᠤ ᠲᠤᠬᠠᠢ ᠳᠥᠭᠦᠮ ᠵᠢᠯᠣᠭᠤᠳᠤᠯᠭ᠎ᠠ ᠬᠢᠵᠦ᠂ ᠭᠡᠨᠡᠳᠲᠡ ᠶᠢᠨ ᠡᠪᠡᠳᠴᠢᠨ ᠤ ᠠᠶᠤᠯ ᠲᠦᠭᠰᠢᠭᠦᠷᠢ ᠶᠢ ᠦᠨᠡᠨᠬᠦ ᠪᠠᠭᠠᠰᠬᠠᠬᠤ ᠶᠢ ᠰᠠᠨᠠᠭᠤᠯᠤᠭᠰᠠᠨ ᠪᠠᠶᠢᠨ᠎ᠠ᠃ ᠨᠠᠰᠤᠲᠠᠳ᠄ ︽ᠣᠳᠣ ᠶᠢᠨ ᠲᠥᠷᠥ ᠶᠢᠨ ᠪᠣᠳᠣᠯᠭ᠎ᠠ ᠪᠣᠯᠣᠨ ᠦᠢᠯᠡᠴᠢᠯᠡᠭᠡ ᠨᠢ ᠪᠢᠳᠡᠨ ᠳᠤ ᠦᠨᠡᠬᠡᠷ ᠰᠠᠶᠢᠨ ᠪᠠᠶᠢᠨ᠎ᠠ︾ ᠭᠡᠵᠦ ᠮᠠᠭᠲᠠᠨ ᠰᠠᠶᠢᠰᠢᠶᠠᠵᠤ ᠪᠠᠶᠢᠯ᠎ᠠ᠃      ᠲᠠᠷᠠᠭᠠᠴᠢ ᠶᠢᠨ ᠠᠯᠬᠤᠮ ᠳᠤ᠂ ᠤᠯᠠᠭᠠᠨᠪᠠᠯᠭᠠᠰᠤᠨ ᠤ ᠨᠡᠶᠢᠭᠡᠮ ᠤᠨ ᠠᠵᠢᠯ ᠤᠨ ᠥᠷᠲᠡᠭᠡ ᠵᠡᠷᠭᠡ ᠲᠡᠰ ᠪᠠ ᠲᠥᠷᠥᠯ ᠵᠦᠢᠯ ᠬᠤᠪᠢᠶᠠᠨ ᠠᠪᠤᠷᠠᠨ ᠲᠤᠰᠠᠯᠠᠬᠤ ᠲᠣᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠠᠶᠢᠨ ᠳᠤᠷᠠᠴᠤᠳ ᠤᠨ ᠡᠩᠨᠡᠭᠡ ᠶᠢ ᠪᠤᠵᠠᠭᠠᠶᠢᠷᠠᠭᠤᠯᠤᠨ᠂ ᠬᠦᠴᠢᠷᠳᠡᠯᠲᠡᠢ ᠣᠯᠠᠨ ᠲᠦᠮᠡᠨ ᠳᠤ ᠨᠠᠩ ᠣᠯᠠᠨ ᠡᠰᠢᠵᠢᠭᠰᠡᠨ᠂ ᠨᠠᠩ ᠣᠨᠣᠪᠴᠢᠲᠠᠶ ᠦᠢᠯᠡᠴᠢᠯᠡᠭᠡ ᠬᠠᠩᠭᠠᠨ᠎ᠠ᠃  
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ