ᠮᠸᠡᠭ ᠰᠢ ᠪᠠᠯᠭᠠᠰᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠡᠳᠦᠷ ᠤᠨ ᠠᠵᠢᠯᠯᠠᠭ᠎ᠠ ᠥᠷᠨᠢᠭᠦᠯᠵᠦ  ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ
ᠨᠡᠶᠢᠲᠡᠯᠡᠭᠰᠡᠨ ᠴᠠᠭ᠄
2025/2/27
      ᠮᠸᠡᠭ ᠰᠢ ᠪᠠᠯᠭᠠᠰᠤ ᠶᠢᠨ ᠬᠢᠨ ᠬᠦᠴᠦ ᠪᠠᠨ ᠲᠥᠪᠯᠡᠷᠡᠭᠦᠯᠦᠨ ︽ᠠᠷᠠᠳ ᠤᠨ ᠬᠦᠴᠢᠷᠳᠡᠯ ᠢ ᠰᠢᠢᠳᠪᠦᠷᠢᠯᠡᠨ︾᠂ ᠣᠯᠠᠨ ᠲᠦᠮᠡᠨ ᠤ ᠳᠡᠷᠭᠡᠳᠡᠬᠢ ᠶᠠᠪᠤᠳᠠᠯ ᠢ ᠰᠠᠶᠢᠲᠤᠷ ᠬᠢᠵᠦ᠂ ᠣᠯᠠᠨ ᠲᠦᠮᠡᠨ ᠤ ︽ᠰᠡᠳᠬᠢᠯ ᠤᠨ ᠮᠡᠳᠡᠭᠴᠢ︾ ᠪᠣᠯᠵᠦ᠂ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠢᠳᠡᠪᠬᠢᠲᠡᠢ ᠰᠠᠶᠢᠲᠤᠷ ᠬᠢᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 2 ᠳ᠋ᠤᠭᠠᠷ ᠰᠠᠷ᠎ᠠ ᠶᠢᠨ 18 ᠤ ᠡᠳᠦᠷ᠂ ᠮᠸᠡᠭ ᠰᠢ ᠪᠠᠯᠭᠠᠰᠤ ᠶᠢᠨ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾᠂ ︽ᠨᠢᠭᠤᠷᠳᠠᠨ ᠦᠢᠯᠡᠴᠢᠯᠡᠵᠦ᠂ ᠰᠡᠳᠬᠢᠯ ᠰᠡᠳᠬᠢᠯ ᠢᠶᠠᠨ ᠬᠤᠯᠪᠣᠬᠤ︾ ᠠᠷᠠᠳ ᠲᠤ ᠠᠰᠢᠭ ᠬᠦᠷᠲᠡᠭᠡᠵᠦ ᠠᠷᠠᠳ ᠤᠨ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠡᠳᠦᠷ ᠤᠨ ᠠᠩᠬᠠᠨ ᠤ ᠠᠵᠢᠯᠯᠠᠭ᠎ᠠ ᠶᠢ ᠮᠸᠡᠭ ᠰᠢ ᠪᠠᠯᠭᠠᠰᠤ ᠶᠢᠨ ᠰᠤᠪᠠᠭ ᠤᠨ ᠬᠥᠪᠡᠭᠡ ᠲᠣᠰᠬᠤᠨ ᠪᠣᠯᠣᠨ ᠶᠡᠬᠡᠪᠤᠯᠠᠭ ᠭᠠᠴᠠᠭ᠎ᠠ ᠳᠤ ᠶᠠᠪᠤᠭᠳᠠᠭᠤᠯᠪᠠ᠃      ︽ᠠᠪᠠᠭ᠎ᠠ ᠠᠨᠢᠶ᠎ᠠ ᠨᠠᠷ ᠰᠠᠶᠢᠨ ᠪᠠᠶᠢᠨ᠎ᠠ ᠤᠤ︖ ᠪᠡᠶ᠎ᠡ ᠲᠠᠨᠢ ᠶᠠᠮᠠᠷ ᠪᠠᠶᠢᠨ᠎ᠠ︖ ᠴᠢᠰᠤᠨ ᠳᠠᠷᠤᠯᠲᠠ ᠴᠢᠨᠢ ᠥᠨᠳᠥᠷ ᠦᠦ︖︾ ᠁ ᠥᠷᠯᠥᠭᠡ ᠶᠢᠨ 9 ᠴᠠᠭ ᠲᠤ᠂ ᠰᠤᠪᠠᠭ ᠤᠨ ᠬᠥᠪᠡᠭᠡ ᠲᠣᠰᠬᠤᠨ ᠤ ᠨᠠᠮ ᠤᠨ ᠭᠡᠰᠢᠭᠦᠨ ᠪᠣᠯᠣᠨ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠤᠯᠠᠨ ᠬᠥᠮᠥᠨ ᠴᠤᠭᠯᠠᠷᠠᠵᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠡᠯ᠎ᠡ ᠵᠦᠢᠯ ᠤᠨ ᠦᠢᠯᠡᠴᠢᠯᠡᠭᠡ ᠡᠮᠬᠢ ᠳᠢᠭᠯᠢᠮ ᠲᠠᠢ ᠶᠠᠪᠤᠭᠳᠠᠵᠤ ᠪᠠᠶᠢᠯ᠎ᠠ᠃ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠲᠣᠭᠤᠷᠢᠭ ᠲᠤ᠂ ᠭᠤᠣᠯᠳᠠᠯᠭᠠᠲᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠮᠴᠢ ᠰᠤᠪᠢᠯᠠᠭᠴᠢᠳ ᠴᠠᠭᠠᠨ ᠰᠠᠷ᠎ᠠ ᠶᠢᠨ ᠬᠤᠭᠤᠴᠠᠭᠠᠨ ᠳᠤ ᠣᠯᠠᠨ ᠡᠭᠦᠰᠳᠡᠭ ᠬᠤᠳᠣᠭᠤᠳᠤ ᠭᠡᠳᠡᠰᠦᠨ ᠤ ᠡᠪᠡᠳᠴᠢᠨ ᠳᠤ ᠴᠢᠭᠯᠡᠭᠦᠯᠦᠨ᠂ ᠮᠠᠯᠴᠢᠨ ᠲᠠᠷᠢᠶᠠᠴᠢᠳ ᠲᠤ ᠴᠢᠰᠤᠨ ᠳᠠᠷᠤᠯᠲᠠ ᠪᠠ ᠴᠢᠰᠤᠨ ᠰᠢᠬᠢᠷ ᠢ ᠨᠢ ᠬᠡᠮᠵᠢᠬᠦ᠂ ᠡᠷᠡᠭᠦᠯ ᠮᠡᠨᠳᠦ ᠶᠢᠨ ᠵᠥᠪᠯᠡᠯᠭᠡ ᠥᠭᠬᠦ ᠵᠡᠷᠭᠡ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢᠨ ᠬᠠᠮᠲᠤ ᠡᠷᠡᠭᠦᠯ ᠮᠡᠨᠳᠦ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠨ᠎ᠠ︔ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠶᠢᠨ ᠲᠣᠭᠤᠷᠢᠭ ᠲᠤ᠂ ᠠᠵᠢᠯᠲᠠᠳ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠡᠷᠡᠭ ᠤᠨ ᠵᠢᠱᠢᠶ᠎ᠡ ᠶᠢᠨ ᠬᠡᠯᠪᠡᠷᠢ ᠪᠠᠷ ᠲᠦᠭᠡᠮᠡᠯᠵᠢᠭᠦᠯᠦᠨ᠎ᠡ︔ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ ᠲᠤ᠂ ᠠᠵᠢᠯᠲᠠᠳ ᠣᠯᠠᠨ ᠲᠦᠮᠡᠨ ᠳᠤ ᠨᠠᠰᠤᠵᠢᠯ ᠤᠨ ᠠᠰᠠᠷᠠᠮᠵᠢ ᠶᠢᠨ ᠭᠡᠷᠡᠴᠢᠯᠡᠯ ᠬᠢᠬᠦ᠂ ᠡᠮᠴᠢᠯᠡᠭᠡᠨ ᠤ ᠳᠠᠭᠠᠳᠬᠠᠯ ᠲᠤᠰᠢᠶᠠᠬᠤ᠂ ᠬᠦᠦ ᠮᠥᠩᠭᠦ ᠶᠢ ᠪᠠᠭᠤᠷᠠᠭᠤᠯᠤᠨ ᠳᠠᠷᠤᠭᠠᠰᠤ ᠶᠢ ᠬᠥᠩᠭᠡᠷᠡᠭᠦᠯᠬᠦ ᠦᠢᠯᠡᠴᠢᠯᠡᠭᠡᠨ ᠤ ᠵᠥᠪᠯᠡᠯᠭᠡ ᠥᠭᠬᠦ᠂ ᠥᠨᠳᠥᠷ ᠨᠠᠰᠤᠨ ᠤ ᠨᠥᠬᠦᠪᠦᠷᠢ ᠥᠭᠬᠦ ᠵᠡᠷᠭᠡ ᠲᠤᠬᠠᠶᠢᠯᠠᠭᠰᠠᠨ ᠠᠵᠢᠯ ᠤᠨ ᠶᠠᠪᠤᠴᠠ ᠶᠢ ᠤᠬᠠᠭᠤᠯᠤᠨ᠎ᠠ︔ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠣᠭᠤᠷᠢᠭ ᠲᠤ᠂ ᠠᠵᠢᠯᠲᠠᠨ ᠨᠥᠬᠦᠪᠦᠷᠢ ᠶᠢᠨ ᠳᠠᠩᠰᠠᠯᠠᠯ ᠪᠠ ᠭᠡᠷᠡᠴᠢᠯᠡᠯ ᠤᠨ ᠦᠢᠯᠡᠴᠢᠯᠡᠭᠡ ᠵᠢᠴᠢ ᠬᠠᠤᠯᠢ ᠴᠠᠭᠠᠵᠠ ᠶᠢᠨ ᠯᠠᠪᠯᠠᠯᠭ᠎ᠠ ᠵᠡᠷᠭᠡ ᠬᠠᠮᠢᠶ᠎ᠠ ᠪᠦᠬᠦᠢ ᠦᠢᠯᠡᠴᠢᠯᠡᠭᠡ ᠶᠢ ᠥᠷᠨᠢᠭᠦᠯᠦᠨ᠎ᠡ᠃      ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠰᠢᠯᠢᠳᠡᠭ ᠦᠢᠯᠡᠴᠢᠯᠡᠭᠡ ᠪᠠᠷ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ᠃ ᠶᠡᠬᠡᠪᠤᠯᠠᠭ ᠭᠠᠴᠠᠭ᠎ᠠ ᠶᠢᠨ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠣᠰᠬᠤᠨ ᠢ ᠳᠠᠭᠠᠭᠠᠴᠢᠯᠠᠭᠰᠠᠨ ᠺᠠᠳ᠋ᠷᠴᠤᠳ ᠶᠠᠷᠢᠯᠴᠠᠬᠤ ᠬᠡᠯᠪᠡᠷᠢ ᠪᠠᠷ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ᠂ ᠣᠶ ᠰᠢᠭᠤᠢ ᠶᠢᠨ ᠭᠠᠯ ᠲᠦᠢᠮᠡᠷ ᠢ ᠰᠡᠷᠭᠡᠶᠢᠯᠡᠬᠦ᠂ ᠠᠶᠤᠯᠭᠦᠢ ᠦᠢᠯᠡᠳᠪᠦᠷᠢᠯᠡᠯ᠂ ᠴᠠᠬᠢᠯᠭᠠᠨ ᠬᠤᠯᠪᠣᠭᠠᠨ ᠤ ᠮᠡᠬᠡᠯᠡᠯ ᠵᠡᠷᠭᠡ ᠲᠠᠯ᠎ᠠ ᠶᠢᠨ ᠲᠣᠭᠤᠷᠢᠨ ᠳᠤ ᠤᠬᠠᠭᠤᠯᠭ᠎ᠠ ᠬᠢᠬᠦ ᠶᠢᠨ ᠬᠠᠮᠲᠤ ᠮᠸᠡᠭ ᠰᠢ ᠭᠤᠣᠯᠳᠠᠯᠭᠠᠲᠤ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠮᠠᠯᠴᠢᠨ ᠲᠠᠷᠢᠶᠠᠴᠢᠳ ᠲᠤ ᠴᠢᠰᠤᠨ ᠳᠠᠷᠤᠯᠲᠠ᠂ ᠴᠢᠰᠤᠨ ᠰᠢᠬᠢᠷ ᠢ ᠨᠢ ᠬᠡᠮᠵᠢᠬᠦ ᠵᠡᠷᠭᠡ ᠦᠢᠯᠡᠴᠢᠯᠡᠭᠡ ᠬᠠᠩᠭᠠᠵᠤ᠂ ᠡᠷᠡᠭᠦᠯ ᠮᠡᠨᠳᠦ ᠶᠢᠨ ᠲᠤᠬᠠᠢ ᠠᠰᠠᠭᠤᠯᠲᠠ ᠶᠢ ᠬᠦᠯᠢᠴᠡᠩᠭᠦᠢ ᠬᠠᠷᠢᠭᠤᠯᠤᠨ᠂ ᠣᠨᠣᠰᠢᠯᠠᠨ ᠡᠮᠨᠡᠬᠦ ᠰᠠᠨᠠᠭᠤᠯᠭ᠎ᠠ ᠪᠠ ᠡᠷᠡᠭᠦᠯ ᠮᠡᠨᠳᠦ ᠶᠢᠨ ᠵᠢᠯᠣᠭᠤᠳᠤᠯᠭ᠎ᠠ ᠥᠭᠴᠦ᠂ ᠪᠠᠶᠢᠩᠭᠤ ᠲᠣᠬᠢᠶᠠᠯᠳᠤᠬᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠵᠢᠴᠢ ᠡᠮᠨᠡᠨ ᠵᠠᠰᠠᠬᠤ ᠶᠡᠷᠦ ᠶᠢᠨ ᠮᠡᠳᠡᠯᠭᠡ ᠶᠢ ᠤᠬᠠᠭᠤᠯᠤᠨ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠪᠡ᠃      ᠳᠠᠷᠠᠭ᠎ᠠ ᠠᠯᠬᠤᠮ ᠳᠤ᠂ ᠮᠧᠩ ᠰᠢ ᠪᠠᠯᠭᠠᠰᠤᠨ ᠤ ᠪᠦᠬᠦ ᠨᠠᠮ ᠤᠨ ᠭᠡᠰᠢᠭᠦᠨ ᠺᠠᠳ᠋ᠷᠴᠤᠳ ᠠᠶᠢᠯ ᠡᠷᠦᠬᠡ ᠳᠤ ᠬᠦᠷᠴᠦ ᠰᠤᠷᠪᠤᠯᠵᠢᠯᠠᠬᠤ ᠠᠵᠢᠯ ᠢ ᠦᠷᠭᠦᠯᠵᠢᠯᠡᠨ ᠪᠠᠶᠢᠩᠭᠤ ᠶᠢᠨ ᠴᠢᠨᠠᠷᠲᠠᠢ ᠥᠷᠨᠢᠭᠦᠯᠦᠨ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠵᠤ ᠪᠦᠬᠦᠢ ᠡᠯ᠎ᠡ ᠲᠥᠷᠥᠯ ᠤᠨ ︽ᠪᠣᠭᠤᠮᠢ︾ ᠵᠢᠴᠢ ᠣᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠬᠦᠰᠡᠵᠦ︾ ᠪᠠᠶᠢᠭ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠵᠣᠬᠢᠴᠠᠭᠤᠯᠤᠨ ᠰᠢᠢᠳᠪᠦᠷᠢᠯᠡᠵᠦ᠂ ᠪᠠᠶᠠᠯᠢᠭ ᠠᠭᠤᠯᠭ᠎ᠠ ᠲᠠᠢ ᠣᠯᠠᠨ ᠶᠠᠩᠵᠤ ᠶᠢᠨ ᠠᠵᠢᠯᠯᠠᠭ᠎ᠠ ᠶᠢᠨ ᠬᠡᠯᠪᠡᠷᠢ ᠪᠠ ᠡᠷᠴᠢᠮᠲᠡᠢ ᠪᠦᠲᠦᠮᠵᠢᠲᠡᠢ ᠰᠢᠨ᠎ᠡ ᠶᠢ ᠡᠭᠦᠳᠬᠦ ᠠᠴᠢᠶᠠᠯᠠᠪᠤᠷᠢ ᠪᠠᠷ ᠮᠠᠯᠴᠢᠨ ᠲᠠᠷᠢᠶᠠᠴᠢᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠡᠯ᠎ᠡ ᠵᠦᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠠᠲᠤᠯᠠᠨ᠎ᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ