︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠠᠵᠢᠯ ᠢ ᠥᠷᠨᠢᠭᠦᠯᠦᠭᠰᠡᠨ ᠠᠴᠠ ᠨᠠᠭᠠᠰᠢ᠂ | ᠤᠯᠠᠭᠠᠨᠪᠠᠯᠭᠠᠰᠤᠨ ᠤ ᠪᠥᠬᠦ ᠺᠠᠳ᠋ᠷ ᠡᠯ᠎ᠡ ᠭᠠᠴᠠᠭ᠎ᠠ ᠲᠣᠰᠬᠤᠨ ᠳᠤ ᠭᠦᠨᠵᠡᠭᠡᠶᠢᠷᠡᠨ᠂ ᠮᠠᠯᠴᠢᠨ ᠲᠠᠷᠢᠶᠠᠴᠢᠳ ᠤᠨ ᠪᠣᠳᠠᠲᠠᠢ ᠠᠮᠢᠳᠤᠷᠠᠯ ᠤᠨ ᠬᠦᠴᠢᠷᠳᠡᠯ ᠢ ᠪᠥᠬᠦ | ᠲᠠᠯ᠎ᠠ ᠪᠠᠷ ᠣᠶᠢᠯᠠᠭᠠᠵᠤ᠂ ᠣᠯᠠᠨ ᠲᠦᠮᠡᠨ ᠤ ᠬᠦᠴᠢᠷ ᠵᠣᠪᠠᠭᠤᠷᠢ ᠶᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠪᠡ᠃ ᠡᠭᠦᠨ ᠳᠤ᠂ ᠭᠤᠣ ᠨᠠᠰᠤᠲᠠᠨ ᠤ ᠦᠯᠢᠭᠡᠷ ᠨᠢ | ᠡᠨᠡᠬᠦ ᠠᠵᠢᠯ ᠤᠨ ᠳᠤᠮᠳᠠᠬᠢ ᠬᠥᠮᠥᠰ ᠤᠨ ᠰᠡᠳᠬᠢᠯ ᠢ ᠳᠤᠯᠠᠭᠠᠴᠠᠭᠤᠯᠤᠭᠰᠠᠨ ᠨᠡᠶᠢᠲᠡᠯᠢᠭ ᠵᠢᠱᠢᠶ᠎ᠡ ᠪᠣᠯᠵᠠᠢ᠃ ᠭᠤᠣ ᠨᠠᠰᠤᠲᠠᠨ ᠡᠨᠡ ᠵᠢᠯ 73 ᠨᠠᠰᠤᠲᠠᠢ᠂ ᠤᠤᠯ | ᠨᠢ ᠬᠥᠭᠰᠢᠨ ᠲᠠᠢ ᠪᠠᠨ ᠪᠣᠷᠣᠭᠵᠢᠭᠤᠨ ᠠᠮᠢᠳᠤᠷᠠᠯ ᠢᠶᠠᠨ ᠬᠢᠵᠦ ᠪᠠᠶᠢᠵᠠᠢ᠂ ᠭᠡᠪᠡᠴᠦ ᠰᠢᠯᠤᠭᠤᠨ ᠭᠡᠳᠡᠰᠦᠨ ᠤ ᠬᠤᠣᠷᠲᠤ ᠬᠠᠪᠤᠳᠠᠷ ᠲᠤ ᠨᠡᠷᠪᠡᠭᠳᠡᠭᠰᠡᠨ ᠠᠴᠠ ᠪᠥᠬᠦ | ᠭᠡᠷ ᠪᠦᠯᠢ ᠪᠠᠷ ᠢᠶᠠᠨ ᠬᠦᠴᠢᠷᠳᠡᠯ ᠲᠠᠢ ᠪᠠᠶᠢᠳᠠᠯ ᠳᠤ ᠣᠷᠣᠵᠠᠢ᠃ ᠡᠪᠡᠳᠴᠢᠨ ᠢᠶᠠᠨ ᠡᠮᠨᠡᠭᠦᠯᠬᠦ ᠪᠠᠷ ᠭᠤᠸ ᠨᠠᠰᠤᠲᠠᠨ ᠰᠠᠷ᠎ᠠ ᠪᠦᠷᠢ ᠬᠤᠲᠠ ᠳᠤ ᠬᠦᠷᠴᠦ ᠬᠢᠮᠢ ᠶᠢᠨ | ᠵᠠᠰᠠᠯ ᠬᠢᠯᠭᠡᠨ᠂ ᠬᠤᠷᠢᠶᠠᠭᠰᠠᠨ ᠬᠠᠳᠠᠭᠠᠯᠠᠮᠵᠢ ᠪᠠᠨ ᠪᠦᠷ ᠵᠠᠷᠤᠴᠠᠭᠤᠯᠤᠭᠰᠠᠨ ᠪᠥᠭᠡᠳ ᠦᠷ᠎ᠡ ᠬᠡᠦᠬᠡᠳ ᠨᠢ ᠪᠦᠷ ᠭᠠᠳᠠᠨ᠎ᠠ ᠣᠷᠣᠨ ᠳᠤ ᠬᠥᠯᠥᠰᠦᠨ ᠠᠵᠢᠯ ᠬᠢᠳᠡᠭ | ᠪᠣᠯᠬᠤᠷ ᠣᠷᠣᠯᠭ᠎ᠠ ᠨᠢ ᠴᠤ ᠲᠡᠶᠢᠮᠦ ᠥᠨᠳᠥᠷ ᠪᠢᠰᠢ᠂ ᠭᠡᠷ ᠲᠡᠭᠡᠨ ᠲᠡᠮᠡᠢ ᠲᠤᠰᠠᠯᠠᠵᠤ ᠴᠤ ᠳᠡᠶᠢᠯᠬᠦ ᠦᠭᠡᠢ ᠲᠤᠯᠠ ᠭᠤᠤ ᠨᠠᠰᠤᠲᠠᠨ ᠬᠤᠶᠠᠭᠤᠯᠠ ᠪᠠᠨ ᠬᠠᠷᠢᠯᠴᠠᠨ | ᠲᠦᠰᠢᠯᠴᠡᠵᠦ᠂ ᠠᠮᠢᠳᠤᠷᠠᠯ ᠤᠨ ᠬᠦᠨᠳᠦ ᠳᠠᠷᠤᠭᠠᠰᠤ ᠳᠤ ᠳᠠᠷᠤᠭᠳᠠᠵᠤ ᠪᠠᠶᠢᠯ᠎ᠠ᠃ | ᠤᠯᠠᠭᠠᠨᠪᠠᠯᠭᠠᠰᠤᠨ ᠤ ᠳᠣᠷᠣᠭᠰᠢ ᠰᠠᠭᠤᠭᠰᠠᠨ ᠺᠠᠳ᠋ᠷᠴᠤᠳ ᠰᠤᠷᠪᠤᠯᠵᠢᠯᠠᠬᠤ ᠶᠠᠪᠤᠴᠠ ᠳᠠᠭᠠᠨ ᠭᠤᠸ ᠨᠠᠰᠤᠲᠠᠨ ᠤ ᠭᠡᠷ ᠤᠨ ᠪᠣᠳᠠᠲᠠᠢ ᠪᠠᠶᠢᠳᠠᠯ ᠢ | ᠣᠶᠢᠯᠠᠭᠠᠵᠤ᠂ ᠭᠤᠸ ᠨᠠᠰᠤᠲᠠᠨ ᠤ ᠡᠪᠡᠳᠴᠢᠯᠡᠭᠰᠡᠨ ᠠᠴᠠ ᠪᠣᠯᠵᠤ ᠡᠳᠦᠷ ᠢᠷᠡᠬᠦᠶ᠎ᠡ ᠡᠴᠡᠵᠦ ᠲᠤᠷᠠᠭᠰᠠᠨ ᠴᠢᠷᠠᠢ ᠪᠠ ᠨᠠᠰᠤᠲᠠᠨ ᠬᠤᠶᠠᠭᠤᠯᠠ ᠶᠢᠨ ᠭᠤᠨᠢᠭᠲᠤ | ᠬᠠᠷᠠᠴᠠ ᠶᠢ ᠬᠠᠷᠠᠭᠠᠳ᠂ ᠲᠡᠳᠡᠨ ᠳᠤ ᠶᠠᠭᠠᠬᠢᠭᠰᠠᠨ ᠴᠤ ᠶᠠᠭᠤ ᠨᠢᠭᠡ ᠶᠢ ᠬᠢᠵᠦ ᠥᠭᠭᠦᠶ᠎ᠡ ᠭᠡᠵᠦ ᠰᠡᠳᠬᠢᠯ ᠰᠢᠭᠤᠳᠴᠠᠢ᠃ ᠲᠡᠳᠡ ᠡᠨᠡ ᠪᠠᠶᠢᠳᠠᠯ ᠢ | ᠤᠯᠠᠭᠠᠨᠪᠠᠯᠭᠠᠰᠤᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠨᠡᠶᠢᠭᠡᠮ ᠤᠨ ᠦᠢᠯᠡᠴᠢᠯᠡᠭᠡᠨ ᠤ ᠠᠯᠪᠠᠨ ᠭᠡᠷ ᠲᠤ ᠳᠠᠷᠤᠶᠢᠬᠠᠨ ᠮᠡᠳᠡᠭᠦᠯᠵᠦ᠂ ᠭᠤᠸ ᠨᠠᠰᠤᠲᠠᠨ ᠤ | ᠠᠵᠤ ᠠᠬᠤᠢ ᠶᠢᠨ ᠪᠠᠶᠢᠳᠠᠯ ᠪᠣᠯᠣᠨ ᠲᠤᠯᠭᠠᠷᠠᠭᠰᠠᠨ ᠬᠦᠴᠢᠷᠳᠡᠯ ᠢ ᠨᠠᠷᠢᠨ ᠲᠣᠳᠣᠷᠬᠠᠶᠢᠯᠠᠨ᠂ ᠭᠤᠸ ᠨᠠᠰᠤᠲᠠᠨ ᠳᠤ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠪᠤᠷᠢ ᠶᠢᠨ ᠮᠥᠩᠭᠦ ᠶᠢ ᠭᠤᠶᠤᠴᠢᠯᠠᠵᠤ ᠥᠭᠭᠦᠭᠰᠡᠨ ᠪᠠᠶᠢᠨ᠎ᠠ᠃ ᠭᠤᠶᠤᠴᠢᠯᠠᠬᠤ ᠶᠠᠪᠤᠴᠠ ᠳᠤ᠂ ᠭᠤᠸ ᠨᠠᠰᠤᠲᠠᠨ ᠨᠠᠰᠤ ᠠᠬᠢᠵᠤ᠂ ᠭᠤᠶᠤᠴᠢᠯᠠᠬᠤ ᠠᠯᠬᠤᠮ | ᠳᠠᠷᠠᠭ᠎ᠠ ᠶᠢ ᠣᠶᠢᠯᠠᠭᠠᠬᠤ ᠦᠭᠡᠢ ᠪᠣᠯᠬᠤᠷ ᠳᠣᠷᠣᠭᠰᠢ ᠰᠠᠭᠤᠭᠰᠠᠨ ᠺᠠᠳ᠋ᠷᠴᠤᠳ ᠲᠡᠭᠦᠨ ᠳᠤ ᠠᠯᠬᠤᠮ ᠳᠠᠷᠠᠭ᠎ᠠ ᠨᠢᠭᠡᠪᠦᠷᠢ ᠶᠢ ᠬᠦᠯᠢᠴᠡᠩᠭᠦᠢ ᠪᠠᠷ ᠲᠠᠶᠢᠯᠪᠤᠷᠢᠯᠠᠨ᠂ | ᠠᠰᠠᠭᠤᠭᠰᠠᠨ ᠠᠰᠠᠭᠤᠯᠲᠠ ᠶᠢ ᠨᠢ ᠨᠠᠷᠢᠨ ᠲᠣᠳᠣᠷᠬᠠᠢ ᠬᠠᠷᠢᠭᠤᠯᠵᠤ ᠪᠠᠶᠢᠯ᠎ᠠ᠃ ᠤᠯᠠᠭᠠᠨᠪᠠᠯᠭᠠᠰᠤᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠨᠡᠶᠢᠭᠡᠮ ᠤᠨ | ᠦᠢᠯᠡᠴᠢᠯᠡᠭᠡᠨ ᠤ ᠠᠯᠪᠠᠨ ᠭᠡᠷ ᠭᠤᠶᠤᠴᠢᠯᠠᠯ ᠢ ᠣᠯᠣᠭᠰᠠᠨ ᠤ ᠳᠠᠷᠠᠭ᠎ᠠ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠮᠢᠶ᠎ᠠ ᠪᠦᠬᠦᠢ ᠬᠢᠨᠠᠨ ᠬᠠᠷᠭᠤᠭᠤᠯᠬᠤ | ᠶᠠᠪᠤᠴᠠ ᠶᠢ ᠳᠠᠷᠤᠶᠢᠬᠠᠨ ᠡᠬᠢᠯᠡᠭᠦᠯᠦᠨ᠂ ᠭᠤᠸ ᠨᠠᠰᠤᠲᠠᠨ ᠤ ᠭᠡᠷ ᠤᠨ ᠪᠠᠶᠢᠳᠠᠯ ᠢ ᠨᠠᠷᠢᠨ ᠨᠢᠮᠪᠠᠢ ᠪᠠᠶᠢᠴᠠᠭᠠᠨ ᠬᠠᠷᠭᠤᠭᠤᠯᠵᠠᠢ᠃ | ᠣᠯᠠᠨ ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠭᠠᠳ ᠭᠤᠣ ᠨᠠᠰᠤᠲᠠᠨ ᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠶᠢᠨ ᠭᠤᠶᠤᠴᠢᠯᠠᠯ ᠢ ᠬᠢᠨᠠᠨ | ᠵᠥᠪᠰᠢᠶᠡᠷᠡᠪᠡ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠪᠤᠷᠢ ᠶᠢᠨ ᠠᠩᠬᠠᠨ ᠤ ᠮᠥᠩᠭᠦ ᠶᠢ ᠭᠤᠣ ᠡᠪᠦᠭᠡ ᠶᠢᠨ ᠭᠠᠷ ᠲᠤ ᠭᠠᠷᠳᠠᠭᠤᠯᠬᠤ ᠳᠤ᠂ ᠭᠠᠰᠠᠯᠠᠩ | ᠵᠣᠪᠠᠯᠠᠩ ᠢ ᠬᠠᠨᠲᠠᠯ᠎ᠠ ᠠᠮᠰᠠᠭᠰᠠᠨ ᠨᠠᠰᠤᠲᠠᠨ ᠤ ᠨᠢᠳᠦᠨ ᠳᠤ ᠲᠠᠯᠠᠷᠬᠠᠯ ᠤᠨ ᠨᠢᠯᠪᠤᠰᠤ ᠮᠡᠯᠲᠡᠭᠡᠨᠡᠵᠦ ᠪᠠᠶᠢᠯ᠎ᠠ᠃ ᠲᠡᠷᠡ ᠰᠡᠳᠬᠢᠯ ᠬᠥᠳᠡᠯᠦᠨ᠄ ︽ᠨᠠᠮ ᠪᠠ | ᠵᠠᠰᠠᠭ ᠤᠨ ᠣᠷᠳᠣᠨ ᠳᠤ ᠪᠠᠨ ᠲᠠᠯᠠᠷᠬᠠᠵᠤ ᠪᠠᠶᠢᠨ᠎ᠠ᠂ ᠲᠠᠨ ᠤ ᠡᠳᠡᠭᠡᠷ ᠺᠠᠳ᠋ᠷᠴᠤᠳ ᠲᠤ ᠲᠠᠯᠠᠷᠬᠠᠵᠤ ᠪᠠᠶᠢᠨ᠎ᠠ᠂ ᠬᠡᠷᠪᠡ ᠲᠠ ᠨᠠᠷ ᠬᠠᠪᠰᠤᠷᠤᠭᠰᠠᠨ ᠦᠭᠡᠢ ᠪᠣᠯ | ᠪᠢᠳᠡ ᠶᠠᠭᠠᠬᠢᠬᠤ ᠪᠠᠨ ᠣᠯᠬᠤ ᠦᠭᠡᠢ ᠪᠣᠯᠣᠨ᠎ᠠ᠂ ᠡᠨᠡ ᠬᠦ ᠨᠠᠭᠠᠲᠤ ᠵᠠᠬ᠎ᠠ ᠶᠢᠨ ᠪᠠᠲᠤᠯᠠᠪᠤᠷᠢ ᠶᠢᠨ ᠮᠥᠩᠭᠦ ᠨᠢ ᠶᠠᠭ ᠳᠠᠭᠠᠷᠠᠭᠰᠠᠨ ᠴᠠᠭ ᠲᠤ ᠳᠠᠬᠤ ᠬᠦᠷᠭᠡᠭᠰᠡᠨ | ᠪᠣᠯᠵᠤ᠂ ᠠᠮᠢᠳᠤᠷᠠᠯ ᠳᠤ ᠮᠢᠨᠢ ᠬᠦᠰᠡᠯ ᠡᠷᠡᠮᠡᠯᠵᠡᠯ ᠢ ᠠᠪᠴᠢᠷᠠᠵᠤ ᠥᠭᠭᠦᠭᠰᠡᠨ ᠰᠢᠤ︾ ᠭᠡᠵᠦ ᠶᠠᠷᠢᠨ᠎ᠠ᠃ ᠣᠳᠣᠬᠠᠨ ᠳᠤ᠂ ᠨᠠᠭᠠᠲᠤ ᠵᠠᠬ᠎ᠠ ᠶᠢᠨ ᠪᠠᠲᠤᠯᠠᠪᠤᠷᠢ ᠶᠢᠨ | ᠮᠥᠩᠭᠦ ᠲᠠᠢ ᠪᠣᠯᠤᠭᠰᠠᠨ ᠠᠴᠠ ᠭᠤᠸ ᠨᠠᠰᠤᠲᠠᠨ ᠤ ᠨᠢᠭᠡ ᠭᠡᠷ ᠤᠨ ᠠᠮᠢᠳᠤᠷᠠᠯ ᠤᠨ ᠳᠠᠷᠤᠭᠠᠰᠤ ᠵᠣᠬᠢᠬᠤ ᠬᠡᠮᠵᠢᠶ᠎ᠡ ᠪᠠᠷ ᠬᠥᠩᠭᠡᠷᠡᠭᠰᠡᠨ ᠪᠠᠶᠢᠨ᠎ᠠ᠃ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠪᠤᠷᠢ ᠶᠢᠨ ᠮᠥᠩᠭᠦ ᠨᠢ ᠬᠡᠳᠦᠶᠢᠪᠡᠷ ᠠᠯᠢᠪᠠ ᠠᠰᠠᠭᠤᠳᠠᠯ ᠢ ᠪᠦᠷᠢᠮᠦᠰᠦᠨ ᠰᠢᠢᠳᠪᠦᠷᠢᠯᠡᠵᠦ ᠳᠡᠶᠢᠯᠬᠦ ᠦᠭᠡᠢ ᠪᠣᠯᠪᠠᠴᠤ ᠲᠡᠳᠡᠨ ᠳᠤ | ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠬᠠᠩᠭᠠᠵᠤ᠂ ᠭᠤᠸ ᠨᠠᠰᠤᠲᠠᠨ ᠢ ᠰᠠᠨᠠᠭ᠎ᠠ ᠠᠮᠤᠷ ᠡᠮᠴᠢᠯᠡᠭᠦᠯᠵᠦ ᠴᠢᠳᠠᠬᠤ ᠪᠣᠯᠭᠠᠵᠠᠢ᠃ ᠡᠭᠦᠨ ᠤ ᠬᠠᠮᠲᠤ᠂ ᠳᠣᠷᠣᠭᠰᠢ | ᠰᠠᠭᠤᠭᠰᠠᠨ ᠺᠠᠳ᠋ᠷᠴᠤᠳ ᠪᠠᠰᠠ ᠦᠷᠭᠦᠯᠵᠢ ᠭᠤᠤ ᠨᠠᠰᠤᠲᠠᠨ ᠤ ᠭᠡᠷ ᠲᠤ ᠬᠦᠷᠴᠦ ᠡᠷᠬᠢᠨ ᠦᠵᠡᠵᠦ᠂ ᠡᠪᠡᠳᠴᠢᠨ ᠤ ᠪᠠᠶᠢᠳᠠᠯ ᠪᠣᠯᠣᠨ ᠠᠮᠢᠳᠤᠷᠠᠯ ᠤᠨ ᠪᠠᠶᠢᠳᠠᠯ ᠢ | ᠨᠢ ᠬᠠᠯᠠᠮᠵᠢᠯᠠᠨ᠂ ᠲᠡᠳᠡᠨ ᠢ ᠬᠠᠪᠰᠤᠷᠤᠨ ᠵᠠᠷᠢᠮ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠲᠡᠭ᠃ | ᠤᠯᠠᠭᠠᠨᠪᠠᠯᠭᠠᠰᠤ ᠶᠢᠨ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠠᠵᠢᠯ ᠢ ᠦᠷᠭᠦᠯᠵᠢᠯᠡᠨ | ᠠᠬᠢᠭᠤᠯᠤᠭᠰᠠᠨ ᠨᠢ ᠭᠤᠤ ᠨᠠᠰᠤᠲᠠᠨ ᠰᠢᠭ᠋ ᠡᠶᠢᠮᠦᠷᠬᠦ ᠬᠦᠴᠢᠷᠳᠡᠯᠲᠡᠢ ᠤᠯᠠᠨ ᠲᠦᠮᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠲᠡᠭᠡᠵᠡᠢ᠃ ᠳᠣᠷᠣᠭᠰᠢ | ᠪᠠᠭᠤᠭᠰᠠᠨ ᠪᠦᠬᠦ ᠺᠠᠳ᠋ᠷᠴᠤᠳ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠵᠦ᠂ ᠤᠯᠠᠨ ᠲᠦᠮᠡᠨ ᠤ | ᠬᠦᠴᠢᠷ ᠵᠣᠪᠠᠭᠤᠷᠢ ᠶᠢ ᠦᠨᠡᠨᠬᠦ ᠰᠢᠢᠳᠪᠦᠷᠢᠯᠡᠨ᠂ ᠶᠠᠳᠠᠭᠤ ᠬᠦᠴᠢᠷᠳᠡᠯᠲᠡᠢ ᠭᠡᠷ ᠪᠦᠯᠢ ᠨᠢᠭᠡᠪᠦᠷᠢ ᠶᠢ ᠴᠥᠮ ᠬᠦᠴᠢᠷ ᠢ ᠲᠤᠭᠤᠯᠬᠤ ᠬᠦᠰᠡᠯ ᠡᠷᠡᠮᠡᠯᠵᠡᠯ ᠲᠠᠢ | ᠪᠣᠯᠭᠠᠵᠤ᠂ ᠲᠡᠳᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠮᠡᠳᠡᠷᠡᠭᠦᠯᠪᠡ᠃ | | | |