ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ  ᠨᠠᠶᠢᠷ ᠰᠣᠶᠣᠯ ᠤᠨ ᠴᠤᠭ ᠵᠢᠪᠬᠤᠭ᠎ᠠ ᠶᠢ ᠪᠠᠳᠠᠷᠠᠭᠤᠯᠤᠨ᠎ᠠ ︱ ᠠᠷᠪᠠᠰ ᠰᠤᠮᠤ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠤᠨ᠂ ᠨᠠᠮ ᠢᠶᠠᠨ ᠳᠠᠭᠠᠬᠤ︾ ᠤᠯᠠᠨ ᠲᠦᠮᠡᠨᠴᠢ ᠴᠢᠨᠠᠷᠲᠠᠢ ᠤᠳᠬ᠎ᠠ ᠤᠷᠠᠯᠢᠭ ᠤᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/2/28
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠣᠭᠤᠷᠢᠨ ᠳᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠤᠨ᠂ ᠦᠨᠳᠦᠰᠦᠨ ᠱᠠᠲᠤᠨ ᠤ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠣᠶᠢᠷ᠎ᠠ ᠶᠢᠨ ᠬᠤᠭᠤᠴᠠᠭᠠᠨ ᠳᠤ᠂ ᠠᠷᠪᠠᠰ ᠰᠤᠮᠤ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠤᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠤᠨ᠂ ᠨᠠᠮ ᠢᠶᠠᠨ ᠳᠠᠭᠠᠬᠤ︾ ᠤᠯᠠᠨ ᠲᠦᠮᠡᠨᠴᠢ ᠴᠢᠨᠠᠷᠲᠠᠢ ᠤᠳᠬ᠎ᠠ ᠤᠷᠠᠯᠢᠭ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠥᠷᠨᠢᠭᠦᠯᠪᠡ᠃ ᠲᠤᠰ ᠤᠳᠠᠭ᠎ᠠ ᠶᠢᠨ ᠠᠵᠢᠯᠯᠠᠭ᠎ᠠ ᠳᠡᠭᠡᠷ᠎ᠡ ᠠᠷᠪᠠᠰ ᠰᠤᠮᠤ ᠶᠢᠨ ᠠᠴᠢᠯᠠᠯᠲᠤ ᠥᠷᠥᠭᠡ ᠬᠥᠭᠵᠢᠮ ᠤᠨ ᠠᠩᠭᠢ ᠠᠴᠠ ᠲᠣᠭᠯᠠᠯᠲᠠ ᠭᠠᠷᠭᠠᠵᠤ᠂ ᠲᠤᠬᠠᠢ ᠶᠢᠨ ᠲᠠᠯᠠᠪᠠᠢ ᠶᠢ ᠬᠥᠷ ᠬᠥᠭᠵᠢᠶᠡᠨ᠂ ᠪᠠᠶᠠᠷ ᠴᠡᠩᠭᠡᠯ ᠢᠶᠠᠷ ᠳᠦᠭᠦᠷᠭᠡᠪᠡ᠃      ᠠᠵᠢᠯᠯᠠᠭ᠎ᠠ ᠡᠬᠢᠯᠡᠭᠰᠡᠨ ᠤ ᠳᠠᠷᠠᠭ᠎ᠠ᠂ ᠠᠴᠢᠯᠠᠯᠲᠤ ᠥᠷᠥᠭᠡ ᠬᠥᠭᠵᠢᠮ ᠤᠨ ᠠᠩᠭᠢ ᠶᠢᠨ ᠭᠡᠰᠢᠭᠦᠳ ᠭᠤᠶᠣ ᠰᠠᠶᠢᠬᠠᠨ ᠬᠤᠪᠴᠠᠰᠤ ᠵᠠᠰᠠᠯ ᠢᠶᠠᠷ ᠢᠶᠠᠨ ᠭᠤᠶᠣᠯᠠᠵᠤ᠂ ᠨᠠᠷᠢᠨ ᠨᠢᠮᠪᠠᠢ ᠨᠠᠶᠢᠷᠠᠭᠤᠯᠤᠭᠰᠠᠨ ︽ᠨᠠᠶᠢᠷ︾ ᠳᠠᠭᠤᠤ ᠪᠥᠵᠢᠭ ᠤᠨ ᠲᠣᠭᠯᠠᠯᠲᠠ ᠪᠠᠷ ᠢᠶᠠᠨ ᠬᠥᠰᠢᠭᠡ ᠪᠠᠨ ᠰᠡᠬᠦᠪᠡ᠃ ᠰᠤᠮᠤᠨ ᠤ ᠡᠯ᠎ᠡ ᠭᠠᠴᠠᠭᠠᠨ ᠤ ᠤᠷᠠᠨ ᠰᠠᠶᠢᠬᠠᠨ ᠤ ᠪᠠᠭ᠋ᠠᠲᠠᠳ ᠭᠤᠴᠣᠯᠠᠯ ᠬᠥᠭᠵᠢᠮᠳᠡᠭᠦᠷ᠂ ᠤᠷᠲᠤ ᠶᠢᠨ ᠳᠠᠭᠤᠤ᠂ ᠦᠨᠳᠦᠰᠦᠲᠡᠨ ᠤ ᠪᠥᠵᠢᠭ ᠵᠡᠷᠭᠡ ᠪᠠᠶᠠᠯᠢᠭ ᠰᠠᠶᠢᠬᠠᠨ ᠲᠣᠭᠯᠠᠯᠲᠠ ᠪᠠᠨ ᠡᠷᠭᠦᠵᠦ᠂ ᠤᠮᠠᠷᠠᠲᠤ ᠬᠢᠯᠢ ᠶᠢᠨ ᠭᠦᠨ ᠵᠤᠵᠠᠭᠠᠨ ᠰᠣᠶᠣᠯ ᠤᠨ ᠠᠭᠤᠯᠬᠤᠨ ᠪᠠ ᠥᠪᠡᠷᠮᠢᠴᠡ ᠤᠷᠠᠯᠢᠭ ᠤᠨ ᠭᠤᠸ᠎ᠠ ᠰᠠᠶᠢᠬᠠᠨ ᠢ ᠬᠠᠷᠠᠭᠤᠯᠤᠭᠰᠠᠨ ᠪᠠᠶᠢᠨ᠎ᠠ᠃       ᠲᠣᠰ ᠤᠳᠠᠭᠠᠨ ᠤ ᠤᠷᠠᠨ ᠰᠠᠶᠢᠬᠠᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠨᠢ ᠦᠨᠳᠦᠰᠦᠨ ᠱᠠᠲᠤᠨ ᠤ ᠣᠯᠠᠨ ᠲᠦᠮᠡᠨ ᠳᠤ ᠪᠠᠶᠠᠷ ᠪᠠᠶᠠᠰᠤᠯ ᠪᠠ ᠰᠣᠶᠣᠯ ᠤᠨ ᠬᠦᠷᠲᠡᠭᠡᠯ ᠣᠯᠭᠤᠵᠤ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠳᠤ ᠲᠠᠪᠴᠠᠩ ᠬᠠᠩᠭᠠᠵᠠᠢ᠃ ᠡᠭᠦᠨ ᠤ ᠬᠠᠮᠲᠤ᠂ ᠤᠷᠠᠨ ᠰᠠᠶᠢᠬᠠᠨ ᠤ ᠲᠣᠭᠯᠠᠯᠲᠠ ᠶᠢᠨ ᠬᠡᠯᠪᠡᠷᠢ ᠪᠠᠷ ᠨᠠᠮ ᠤᠨ ᠴᠢᠭᠯᠡᠯᠲᠡ ᠲᠦᠷᠦ ᠶᠢᠨ ᠪᠣᠳᠣᠯᠭ᠎ᠠ ᠶᠢ ᠤᠬᠠᠭᠤᠯᠵᠤ᠂ ᠥᠷᠭᠡᠨ ᠤᠯᠠᠨ ᠲᠦᠮᠡᠨ ᠤ ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠬᠥᠲᠥᠯᠥᠨ ᠵᠢᠯᠣᠭᠤᠳᠪᠠ᠃ ᠬᠤᠵᠢᠮ᠂ ᠠᠷᠪᠠᠰ ᠰᠤᠮᠤ ᠦᠷᠭᠦᠯᠵᠢᠯᠡᠨ ᠰᠣᠶᠣᠯ ᠢᠶᠠᠷ ᠬᠤᠯᠪᠣᠭᠠᠰᠤ ᠪᠣᠯᠭᠠᠵᠤ᠂ ᠨᠡᠩ ᠤᠯᠠᠨ ᠰᠠᠶᠢᠬᠠᠨ ᠤᠳᠬ᠎ᠠ ᠤᠷᠠᠯᠢᠭ ᠤᠨ ᠪᠦᠲᠦᠭᠡᠯ ᠢ ᠠᠷᠠᠳ ᠤᠯᠠᠨ ᠤ ᠳᠡᠷᠭᠡᠳᠡ ᠬᠦᠷᠭᠡᠵᠦ᠂ ᠤᠯᠠᠨ ᠲᠦᠮᠡᠨ ᠳᠤ ᠤᠶᠤᠨ ᠤ ᠰᠢᠮ᠎ᠡ ᠠᠪᠴᠢᠷᠠᠬᠤ ᠶᠢᠨ ᠬᠠᠮᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ ᠤᠯᠠᠨ ᠰᠣᠶᠣᠯ ᠤᠨ ᠬᠦᠴᠦᠨ ᠨᠡᠮᠡᠷᠢᠯᠡᠨ᠎ᠡ᠃    
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ