ᠶᠡᠬᠡᠪᠤᠯᠠᠭ ᠭᠠᠴᠠᠭ᠎ᠠ ᠥᠪᠥᠷ ᠮᠣᠩᠭᠤᠯ ᠤᠨ ᠪᠠᠷᠠᠭᠤᠨ ᠬᠡᠰᠡᠭ ᠲᠤ ᠪᠠᠶᠢᠷᠢᠯᠠᠨ᠂ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠠᠴᠠ 26 | ᠺᠢᠯᠣᠮᠧᠲᠷ ᠵᠠᠶᠢᠲᠠᠢ ᠪᠠᠶᠢᠵᠦ᠂ ᠵᠡᠭᠦᠨᠰᠢ ᠪᠠᠨ 110 ᠤᠯᠤᠰ ᠤᠨ ᠵᠠᠮ᠂ ᠪᠡᠭᠡᠵᠢᠩ ᠲᠥᠪᠡᠳ ᠤᠨ ᠲᠦᠷᠭᠡᠨ ᠤ ᠵᠠᠰᠠᠮᠠᠯ ᠵᠠᠮ ᠪᠣᠯᠣᠨ ᠪᠤᠭᠤᠲᠤ ᠠᠴᠠ ᠯᠠᠨᠵᠧᠦ ᠬᠦᠷᠬᠦ | ᠲᠡᠮᠦᠷ ᠵᠠᠮ ᠲᠠᠢ ᠬᠦᠷᠰᠢᠯᠡᠨ᠂ ᠪᠠᠷᠠᠭᠤᠨᠰᠢ ᠪᠠᠨ ᠬᠠᠳᠤᠨ ᠭᠤᠣᠯ ᠲᠠᠢ ᠬᠠᠪᠢᠳᠠᠵᠤ᠂ 866.7 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠲᠠᠢ᠂ ᠭᠠᠴᠠᠭ᠎ᠠ ᠶᠢᠨ | ᠡᠵᠡᠯᠡᠬᠦ ᠲᠠᠯᠠᠪᠠᠢ ᠨᠢ ᠤᠲᠤᠭ ᠬᠤᠰᠢᠭᠤᠨ ᠤ 75 ᠭᠠᠴᠠᠭ᠎ᠠ ᠳᠣᠲᠣᠷ᠎ᠠ ᠲᠡᠷᠢᠭᠦᠨ ᠳᠤ ᠣᠷᠣᠵᠠᠢ᠃ ᠡᠭᠦᠨ ᠤ ᠬᠠᠮᠲᠤ᠂ ᠪᠠᠰᠠ ᠣᠲᠤᠭ ᠬᠤᠰᠢᠭᠤᠨ ᠤ ᠬᠢᠯᠢ | ᠳᠣᠲᠣᠷᠠᠬᠢ ᠬᠠᠲᠤᠨ ᠭᠤᠣᠯ ᠬᠠᠮᠤᠭ ᠤᠨ ᠣᠷᠳᠣ ᠤᠷᠤᠰᠤᠨ ᠥᠩᠭᠡᠷᠡᠵᠦ ᠪᠠᠶᠢᠭ᠎ᠠ ᠭᠠᠴᠠᠭ᠎ᠠ ᠪᠣᠯᠣᠨ᠎ᠠ᠂ 1.7 ᠲᠦᠮᠡᠨ ᠮᠦ ᠭᠤᠣᠯ ᠤᠨ ᠲᠠᠩ ᠭᠠᠵᠠᠷ ᠲᠠᠢ᠂ | ᠶᠡᠬᠡᠪᠤᠯᠠᠭ ᠭᠡᠳᠡᠭ ᠨᠢ ︽ᠪᠤᠯᠠᠭ ᠠᠷᠪᠢᠨ︾ ᠭᠡᠰᠡᠨ ᠤᠳᠬ᠎ᠠ ᠲᠠᠢ᠂ ᠶᠡᠬᠡᠪᠤᠯᠠᠭ ᠭᠠᠴᠠᠭ᠎ᠠ ᠳᠤ ᠬᠠᠲᠠᠨ ᠵᠢᠷᠤᠭ᠂ ᠪᠠᠶᠢᠭᠠᠯᠢ ᠶᠢᠨ ᠡᠬᠢ ᠪᠠᠶᠠᠯᠢᠭ ᠡᠯᠪᠡᠭ ᠮᠥᠷᠲᠡᠭᠡᠨ | ᠬᠤᠷᠳᠤᠨ ᠬᠠᠷ᠎ᠠ᠂ ᠨᠣᠴᠣᠭᠠᠨ᠎ᠠ ᠵᠡᠷᠭᠡ ᠬᠠᠮᠠᠭᠠᠯᠠᠯᠲᠠ ᠶᠢᠨ ᠤᠷᠭᠤᠮᠠᠯ ᠤᠳ ᠪᠠᠶᠢᠳᠠᠭ᠃ ᠦᠨᠳᠦᠰᠦᠲᠡᠨ ᠤ ᠰᠣᠶᠣᠯ᠂ ᠲᠠᠷᠢᠶᠠᠯᠠᠬᠤ ᠰᠣᠶᠣᠯ᠂ ᠪᠠᠶᠢᠭᠠᠯᠢ ᠶᠢᠨ ᠦᠵᠡᠮᠵᠢ | ᠬᠢᠭᠡᠳ ᠰᠣᠶᠣᠯ ᠢᠷᠭᠡᠨᠰᠢᠯ ᠤᠨ ᠦᠵᠡᠮᠵᠢ ᠶᠢ ᠨᠢᠭᠡ ᠴᠣᠭᠴᠠᠵᠢᠭᠤᠯᠤᠭᠰᠠᠨ ᠣᠨᠴᠠᠯᠢᠭᠲᠤ ᠭᠠᠴᠠᠭ᠎ᠠ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠶᠡᠬᠡᠪᠤᠯᠠᠭ | ᠭᠠᠴᠠᠭ᠎ᠠ ᠶᠢᠨ ᠬᠢᠨ ᠪᠠᠯᠭᠠᠰᠤ ᠶᠢᠨ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠲᠠᠩᠰᠤᠭ ᠪᠠᠶᠠᠯᠢᠭ ᠮᠸᠡᠭ ᠰᠢ︾ ᠶᠢᠨ ᠨᠠᠮ ᠤᠨ ᠪᠠᠶᠢᠭᠤᠯᠤᠯᠲᠠ ᠶᠢᠨ | ᠠᠵᠢᠯ ᠤᠨ ᠰᠡᠳᠬᠢᠴᠡ ᠳᠤ ᠲᠣᠭᠤᠷᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠭᠤᠣᠯ ᠰᠢᠵᠢᠮ ᠪᠣᠯᠭᠠᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠪᠦᠯᠬᠦᠮᠳᠡᠵᠦ ᠨᠢᠭᠲᠠᠷᠠᠨ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ︽ᠶᠡᠬᠡᠪᠤᠯᠠᠭ ᠤᠨ ᠵᠠᠮ︾ ᠢ ᠴᠢᠷᠮᠠᠶᠢᠨ ᠡᠷᠢᠯᠬᠢᠯᠡᠭᠰᠡᠨ ᠪᠠᠶᠢᠨ᠎ᠠ᠃ | ᠪᠦᠯᠬᠦᠮᠳᠡᠨ ᠨᠢᠭᠲᠠᠷᠠᠵᠤ᠂ ᠨᠢᠭᠡ ᠯᠠ ᠰᠡᠳᠬᠢᠯ ᠢᠶᠠᠷ ᠨᠠᠮ ᠢᠶᠠᠨ ᠳᠠᠭᠠᠪᠠ᠃ ᠭᠠᠴᠠᠭᠠᠨ ᠤ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠤᠨ ᠡᠵᠡᠯᠡᠬᠦ ᠲᠠᠯᠠᠪᠠᠶ ᠨᠢ 6666 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 1680 ᠲᠡᠭᠰᠢ ᠳᠥᠷᠪᠡᠯᠵᠢᠨ ᠮᠧᠲᠷ ᠪᠠᠶᠢᠵᠤ᠂ | ᠬᠤᠷᠠᠯ ᠤᠨ ᠭᠡᠷ᠂ ᠨᠠᠮ ᠤᠨ ᠭᠡᠰᠢᠭᠦᠨ ᠤ ᠬᠥᠳᠡᠯᠭᠡᠭᠡᠨ ᠤ ᠲᠠᠰᠤᠭ᠂ ᠠᠯᠪᠠᠨ ᠭᠡᠷ ᠵᠡᠷᠭᠡ ᠴᠢᠳᠠᠮᠵᠢᠲᠤ ᠲᠠᠯᠠᠪᠤᠷ ᠢ ᠪᠦᠷᠢᠳᠦᠭᠦᠯᠦᠨ᠂ ᠡᠯ᠎ᠡ ᠲᠥᠷᠥᠯ ᠤᠨ | ᠲᠥᠬᠦᠭᠡᠷᠦᠮᠵᠢ ᠨᠢ ᠪᠦᠷᠢᠨ ᠪᠦᠲᠦᠨ᠂ ᠠᠵᠢᠯᠯᠠᠭᠠᠨ ᠨᠢ ᠬᠡᠪ ᠤᠨ ᠪᠠᠶᠢᠬᠤ ᠶᠢ ᠪᠠᠲᠤᠯᠠᠵᠤ᠂ ᠣᠯᠠᠨ ᠲᠦᠮᠡᠨ ᠤ ᠣᠯᠠᠨ ᠡᠰᠢᠴᠢᠯᠡᠭᠰᠡᠨ ᠰᠣᠶᠣᠯ ᠤᠨ ᠬᠡᠷᠡᠭᠴᠡᠭᠡ ᠶᠢ | ᠬᠠᠩᠭᠠᠵᠤ ᠳᠡᠶᠢᠯᠳᠡᠭ᠂ ᠨᠠᠮ ᠤᠨ ᠡᠭᠦᠷ ᠲᠤ ᠨᠡᠶᠢᠲᠡ 41 ᠨᠠᠮ ᠤᠨ ᠭᠡᠰᠢᠭᠦᠨ ᠲᠠᠢ᠂ 2022 ᠣᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠨᠢ ᠨᠢᠭᠡᠳᠦᠭᠡᠷ ᠲᠥᠷᠥᠯ ᠤᠨ ᠠᠷᠪᠠᠨ ᠣᠳᠣᠨ ᠲᠠᠰ ᠢᠶᠠᠷ ᠦᠨᠡᠯᠡᠭᠳᠡᠪᠡ᠃ | ᠭᠠᠴᠠᠭ᠎ᠠ ᠶᠢᠨ ᠬᠢᠨ ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠣᠯᠣᠨ ᠨᠢᠭᠤᠷᠳᠠᠨ ᠦᠢᠯᠡᠴᠢᠯᠡᠬᠦ ᠡᠳᠦᠷ ᠢᠶᠠᠷ ᠠᠴᠢᠶᠠᠯᠠᠪᠤᠷᠢ ᠪᠣᠯᠭᠠᠨ᠂ ᠠᠷᠠᠳ ᠣᠯᠠᠨ ᠢ ᠬᠠᠪᠰᠤᠷᠤᠨ | ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠬᠦᠰᠡᠵᠦ ᠪᠠᠶᠢᠭᠰᠠᠨ 86 ᠠᠰᠠᠭᠤᠳᠠᠯ ᠢ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠣᠨᠣᠯ ᠤᠨ | ᠤᠬᠠᠭᠤᠯᠭ᠎ᠠ ᠶᠢ 30 ᠤᠳᠠᠭ᠎ᠠ ᠬᠢᠪᠡ᠃ ᠨᠠᠮ ᠤᠨ ᠭᠡᠰᠢᠭᠦᠨ ᠤ ᠬᠠᠪᠰᠤᠷᠤᠨ ᠳᠡᠮᠵᠢᠬᠦ ᠪᠦᠯᠬᠦᠮ ᠤᠨ ᠬᠢᠨ ᠢᠮᠠᠭ᠎ᠠ ᠶᠢ ᠨᠢ ᠬᠠᠪᠰᠤᠷᠴᠤ ᠰᠠᠮᠨᠠᠬᠤ ᠠᠵᠢᠯᠯᠠᠭ᠎ᠠ᠂ | ᠨᠠᠨᠵᠢᠩ ᠤᠨ ᠰᠡᠬᠡᠭᠡᠲᠡᠨ ᠨᠠᠭᠠᠳᠤᠮ ᠤᠨ ᠬᠤᠷᠠᠯ᠂ ᠲᠦᠳᠡᠭ ᠭᠠᠯ ᠤᠨ ᠦᠳᠡᠰᠢᠯᠡᠭᠡ ᠳᠤ ᠣᠷᠣᠯᠴᠠᠬᠤ ᠵᠡᠷᠭᠡ ᠣᠨᠴᠠᠯᠢᠭᠲᠤ ᠠᠵᠢᠯᠯᠠᠭ᠎ᠠ ᠶᠢ ᠢᠳᠡᠪᠬᠢᠲᠡᠢ | ᠶᠠᠪᠤᠭᠳᠠᠭᠤᠯᠤᠨ᠂ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ᠃ | ᠪᠦᠯᠬᠦᠮᠳᠡᠨ ᠨᠢᠭᠲᠠᠷᠠᠵᠤ᠂ ᠬᠠᠮᠲᠤ ᠪᠠᠷ ᠤᠷᠤᠭᠰᠢᠯᠠᠪᠠ᠃ ᠭᠠᠴᠠᠭᠠᠨ ᠳᠤ ᠬᠢᠲᠠᠳ ᠦᠨᠳᠦᠰᠦᠲᠡᠨ᠂ ᠮᠣᠩᠭᠤᠯ ᠦᠨᠳᠦᠰᠦᠲᠡᠨ᠂ ᠮᠠᠨᠵᠤ ᠦᠨᠳᠦᠰᠦᠲᠡᠨ | ᠵᠡᠷᠭᠡ ᠦᠨᠳᠦᠰᠦᠲᠡᠨ ᠨᠦᠭᠦᠳ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠨ ᠠᠮᠢᠳᠤᠷᠠᠵᠤ ᠪᠣᠢ᠃ ᠶᠡᠬᠡᠪᠤᠯᠠᠭ ᠭᠠᠴᠠᠭ᠎ᠠ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ | ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ + | ᠦᠨᠳᠦᠰᠦᠲᠡᠨ ᠤ ᠪᠦᠯᠬᠦᠮᠳᠡᠯ ᠲᠠᠪᠰᠢᠯᠳᠠ︾ ᠶᠢᠨ ᠠᠵᠢᠯ ᠤᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠨᠠᠮ ᠤᠨ ᠭᠡᠰᠢᠭᠦᠨ ᠪᠠ ᠤᠯᠠᠨ ᠲᠦᠮᠡᠨ ᠤ | ᠦᠢᠯᠡᠴᠢᠯᠡᠭᠡᠨ ᠤ ᠲᠥᠪ ᠢᠶᠠᠷ ᠠᠴᠢᠶᠠᠯᠠᠪᠤᠷᠢ ᠪᠣᠯᠭᠠᠨ᠂ 350 ᠬᠥᠮᠥᠨ ᠤ ᠬᠤᠭᠤᠯᠠ ᠤᠮᠳᠠ᠂ ᠠᠮᠠᠷᠠᠯᠲᠠ ᠶᠢ ᠨᠢᠭᠡ ᠴᠣᠭᠴᠠᠵᠢᠭᠤᠯᠤᠭᠰᠠᠨ ᠠᠷᠠᠳ ᠤᠨ ᠣᠷᠣᠨ | ᠰᠠᠭᠤᠴᠠ ᠵᠢᠴᠢ 240 ᠲᠡᠭᠰᠢ ᠳᠥᠷᠪᠡᠯᠵᠢᠨ ᠮᠧᠲᠷ ᠤᠨ ᠦᠨᠳᠦᠰᠦᠲᠡᠨ ᠤ ᠰᠣᠶᠣᠯ᠂ ᠲᠠᠷᠢᠶᠠᠯᠠᠩ ᠤᠨ ᠪᠦᠲᠦᠭᠡᠭᠳᠡᠬᠦᠨ ᠤ ᠣᠷᠳᠣᠨ ᠢ ᠪᠠᠶᠢᠭᠤᠯᠵᠤ᠂ | ᠦᠨᠳᠦᠰᠦᠲᠡᠨ ᠤ ᠰᠣᠶᠣᠯ ᠪᠠ ᠲᠠᠷᠢᠶᠠᠯᠠᠩ ᠤᠨ ᠲᠡᠦᠬᠡ ᠶᠢ ᠪᠦᠬᠦ ᠲᠠᠯ᠎ᠠ ᠪᠠᠷ ᠳᠡᠯᠭᠡᠨ ᠦᠵᠡᠭᠦᠯᠪᠡ᠃ ᠡᠭᠦᠨ ᠤ ᠬᠠᠮᠲᠤ᠂ ᠶᠡᠬᠡᠪᠤᠯᠠᠭ ᠭᠠᠴᠠᠭ᠎ᠠ ᠶᠢᠨ ᠮᠣᠩᠭᠤᠯ | ᠡᠵᠢ ᠪᠠᠲᠤᠴᠡᠴᠡᠭ ᠳᠥᠷᠪᠡᠨ ᠵᠢᠯ ᠭᠠᠷᠤᠢ ᠶᠢᠨ ᠬᠤᠭᠤᠴᠠᠭᠠᠨ ᠳᠤ ᠡᠩ ᠤᠨ ᠵᠠᠰᠠᠯ ᠵᠢᠮᠰᠡᠭ ᠢ 1:11 ᠶᠢᠨ ᠬᠠᠷᠢᠴᠠᠯ ᠢᠶᠠᠷ ᠶᠡᠬᠡᠰᠬᠡᠭᠰᠡᠨ ᠲᠣᠮᠣ ᠬᠡᠯᠪᠡᠷᠢ ᠶᠢᠨ | ᠣᠷᠳᠣᠰ ᠤᠨ ᠮᠣᠩᠭᠤᠯ ᠡᠮᠡᠭᠲᠡᠢ ᠶᠢᠨ ᠵᠠᠰᠠᠯ ᠵᠢᠮᠰᠡᠭ ᠢ ᠬᠢᠵᠦ᠂ ᠭᠢᠨᠢᠰ ᠤᠨ ᠳᠡᠯᠡᠬᠡᠢ ᠶᠢᠨ ᠲᠡᠮᠳᠡᠭᠯᠡᠯ ᠢ ᠡᠭᠦᠳᠦᠨ᠂ ᠦᠨᠳᠦᠰᠦᠲᠡᠨ ᠤ ᠰᠣᠶᠣᠯ ᠢ ᠤᠯᠠᠮ ᠨᠢᠭᠡ | ᠠᠯᠬᠤᠮ ᠪᠠᠳᠠᠷᠠᠭᠤᠯᠵᠠᠢ᠃ ᠲᠡᠷᠡ ᠪᠠᠰᠠ ᠮᠸᠡᠭ ᠰᠢ ᠨᠡᠶᠢᠭᠡᠮ ᠲᠣᠭᠤᠷᠢᠭ ᠲᠤ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠤ ᠠᠵᠢᠯ ᠤᠨ ᠲᠠᠰᠤᠭ | ᠭᠠᠷᠭᠠᠵᠤ᠂ ᠦᠨᠳᠦᠰᠦᠲᠡᠨ ᠤ ᠭᠠᠷ ᠤᠷᠠᠯᠠᠯ ᠤᠨ ᠰᠣᠶᠣᠯ ᠤᠨ ᠠᠭᠤᠯᠬᠤᠨ ᠢ ᠰᠤᠷᠤᠯᠭᠠᠲᠠᠳ ᠲᠤ ᠤᠯᠠᠮᠵᠢᠯᠠᠵᠤ ᠵᠢᠭᠠᠨ᠂ ᠨᠡᠩ ᠤᠯᠠᠨ ᠬᠥᠮᠥᠰ ᠲᠤ | ᠦᠨᠳᠦᠰᠦᠲᠡᠨ ᠤ ᠰᠣᠶᠣᠯ ᠤᠨ ᠥᠪᠡᠷᠮᠢᠴᠡ ᠭᠠᠶᠢᠬᠠᠮᠰᠢᠭ ᠢ ᠬᠠᠷᠠᠭᠤᠯᠪᠠ᠃ ᠣᠳᠣᠬᠠᠨ ᠳᠤ ᠠᠵᠢᠯᠯᠠᠬᠤ ᠲᠠᠰᠤᠭ ᠨᠢ 315 ᠡᠮᠡᠭᠲᠡᠢ ᠳᠤ ᠰᠢᠨ᠎ᠡ ᠮᠡᠷᠭᠡᠵᠢᠯ | ᠡᠵᠡᠮᠰᠢᠭᠦᠯᠵᠦ᠂ ᠣᠷᠣᠯᠭ᠎ᠠ ᠶᠢᠨ ᠢᠷᠡᠯᠲᠡ ᠶᠢ ᠨᠢ ᠥᠷᠭᠡᠳᠬᠡᠭᠰᠡᠨ ᠪᠠᠶᠢᠨ᠎ᠠ᠃ | ᠪᠦᠯᠬᠦᠮᠳᠡᠨ ᠨᠢᠭᠲᠠᠷᠠᠵᠤ᠂ ᠨᠢᠭᠡ ᠵᠣᠷᠢᠭ ᠢᠶᠠᠷ ᠠᠷᠠᠳ ᠲᠦᠮᠡᠨ ᠲᠤ ᠦᠢᠯᠡᠴᠢᠯᠡᠪᠡ᠃ ᠣᠶᠢᠷ᠎ᠠ ᠶᠢᠨ ᠵᠢᠯ ᠤᠳ ᠲᠤ᠂ ᠭᠠᠴᠠᠭᠠᠨ ᠤ ᠬᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠳᠡᠭᠡᠭᠰᠢᠯᠡᠭᠦᠯᠬᠦ ᠶᠢ ᠠᠬᠢᠭᠤᠯᠵᠤ᠂ ᠳᠠᠷᠢᠵᠤ ᠲᠡᠵᠢᠭᠡᠬᠦ ᠶᠢ ᠨᠢᠭᠡ ᠴᠣᠭᠴᠠᠵᠢᠭᠤᠯᠤᠭᠰᠠᠨ | ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠦᠨ᠂ ᠬᠠᠮᠲᠤ ᠶᠢᠨ ᠠᠵᠤ ᠠᠬᠤᠢ ᠶᠢᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠦᠢᠯᠡᠰ ᠢ ᠶᠡᠬᠡᠪᠡᠷ | ᠬᠥᠭᠵᠢᠭᠦᠯᠵᠦ᠂ 1140 ᠲᠡᠭᠰᠢ ᠳᠥᠷᠪᠡᠯᠵᠢᠨ ᠮᠧᠲᠷ ᠤᠨ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ᠂ ᠠᠷᠢᠭᠤᠳᠬᠠᠬᠤ ᠲᠠᠰᠤᠭ᠂ 260 ᠲᠡᠭᠰᠢ | ᠳᠥᠷᠪᠡᠯᠵᠢᠨ ᠮᠧᠲᠷ ᠤᠨ ᠰᠢᠯᠭᠠᠨ ᠪᠠᠶᠢᠴᠠᠭᠠᠬᠤ ᠲᠠᠰᠤᠭ ᠢ ᠪᠠᠶᠢᠭᠤᠯᠤᠨ᠂ ᠲᠡᠵᠢᠭᠡᠨ ᠦᠷᠡᠵᠢᠭᠦᠯᠬᠦ ᠲᠥᠬᠦᠭᠡᠷᠦᠮᠵᠢ ᠶᠢ ᠢᠵᠢ ᠪᠦᠷᠢᠳᠦᠭᠦᠯᠵᠦ᠂ ᠵᠢᠯ ᠳᠤ 8 | ᠲᠦᠮᠡᠨ ᠲᠥᠭᠦᠷᠢᠭ ᠤᠨ ᠠᠰᠢᠭ ᠣᠯᠵᠠᠪᠤᠷᠢ ᠣᠯᠵᠤ᠂ ᠨᠢᠭᠡᠳᠦᠯᠲᠡᠢ ᠳᠠᠷᠢᠵᠤ ᠬᠠᠮᠲᠤ ᠪᠠᠷ ᠴᠢᠨᠡᠭᠡᠯᠢᠭᠵᠢᠬᠦ ᠵᠠᠭᠪᠤᠷ ᠢ ᠬᠡᠷᠡᠭᠵᠢᠭᠦᠯᠦᠨ᠂ 1.7 ᠲᠦᠮᠡᠨ ᠮᠦ | ᠭᠤᠣᠯ ᠤᠨ ᠲᠠᠩ ᠭᠠᠵᠠᠷ ᠢ ᠲᠦᠷᠢᠶᠡᠰᠦᠯᠡᠭᠦᠯᠵᠦ᠂ ᠵᠢᠯ ᠳᠤ 81 ᠲᠦᠮᠡᠨ ᠲᠥᠭᠦᠷᠢᠭ ᠤᠨ ᠣᠷᠣᠯᠭ᠎ᠠ ᠡᠭᠦᠳᠦᠨ᠂ 2024 ᠣᠨ ᠳᠤ ᠬᠠᠮᠲᠤ ᠶᠢᠨ ᠠᠵᠤ | ᠠᠬᠤᠢ ᠶᠢᠨ ᠣᠷᠣᠯᠭ᠎ᠠ ᠨᠢ 93 ᠲᠦᠮᠡᠨ ᠲᠥᠭᠦᠷᠢᠭ ᠲᠤ ᠬᠥᠷᠪᠡ᠃ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ᠂ ᠲᠣᠭᠤᠷᠢᠭ ᠬᠤᠪᠢᠶᠠᠵᠤ ᠰᠡᠯᠭᠦᠨ | ᠮᠠᠯᠵᠢᠬᠤ ᠵᠡᠷᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠦᠨ᠂ ᠤᠷᠭᠤᠮᠠᠯ ᠤᠨ ᠬᠤᠴᠢᠯᠭ᠎ᠠ ᠶᠢᠨ ᠨᠣᠷᠮ᠎ᠠ 65% ᠳᠤ ᠬᠦᠷᠴᠦ᠂ ᠰᠠᠭᠤᠷᠢ | ᠲᠥᠬᠦᠭᠡᠷᠦᠮᠵᠢ ᠶᠢ ᠦᠷᠭᠦᠯᠵᠢᠯᠡᠨ ᠰᠠᠶᠢᠵᠢᠷᠠᠭᠤᠯᠵᠤ᠂ ᠵᠠᠮ ᠨᠡᠪᠲᠡᠷᠡᠭᠦᠯᠬᠦ ᠢᠨᠵᠧᠨᠧᠷᠢᠩ ᠪᠠ ᠴᠠᠬᠢᠯᠭᠠᠨ ᠲᠣᠣᠷ ᠤᠨ ᠢᠨᠵᠧᠨᠧᠷᠢᠩ ᠢ ᠬᠡᠷᠡᠭᠵᠢᠭᠦᠯᠦᠨ᠂ ᠡᠯ᠎ᠡ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠳᠤᠭᠤᠶᠢᠯᠠᠩ ᠤᠨ ᠬᠤᠭᠤᠷᠣᠨᠳᠣᠬᠢ ᠬᠠᠶᠢᠷ ᠴᠢᠯᠠᠭᠤᠨ ᠤ ᠵᠠᠰᠠᠮᠠᠯ ᠵᠠᠮ ᠪᠠ 10kV ᠴᠠᠬᠢᠯᠭᠠᠨ | ᠲᠦᠭᠡᠭᠡᠬᠦ ᠱᠤᠭᠤᠮ ᠢ ᠵᠠᠰᠠᠵᠤ ᠨᠡᠪᠲᠡᠷᠡᠭᠦᠯᠦᠭᠡᠳ᠂ ᠪᠥᠬᠦ ᠭᠠᠴᠠᠭ᠎ᠠ ᠶᠢᠨ ᠮᠠᠯᠵᠢᠬᠤ ᠡᠷᠦᠬᠡ ᠶᠢᠨ ᠴᠠᠬᠢᠯᠭᠠᠨ ᠨᠡᠪᠲᠡᠷᠡᠭᠦᠯᠦᠭᠰᠡᠨ ᠨᠣᠷᠮ᠎ᠠ ᠶᠢ 98%᠂ ᠮᠠᠰᠢᠨ | ᠴᠠᠬᠢᠯᠭᠠᠨ ᠬᠤᠳᠳᠤᠭ ᠤᠨ ᠪᠦᠷᠬᠦᠴᠡ ᠶᠢᠨ ᠨᠣᠷᠮ᠎ᠠ ᠶᠢ 90% ᠠᠴᠠ ᠳᠡᠭᠡᠭᠰᠢ ᠬᠦᠷᠭᠡᠭᠰᠡᠨ ᠪᠠᠶᠢᠨ᠎ᠠ᠃ ᠠᠵᠤ ᠦᠢᠯᠡᠰ ᠤᠨ ᠬᠥᠭᠵᠢᠯᠲᠡ ᠪᠠᠷ ᠳᠠᠮᠵᠢᠭᠤᠯᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠵᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠪᠡᠶᠡᠯᠡᠭᠦᠯᠦᠨ᠂ ᠬᠠᠲᠤᠨ | ᠭᠤᠣᠯ ᠤᠨ ᠰᠠᠪᠠ ᠭᠠᠵᠠᠷ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠪᠣᠯᠪᠠᠰᠤᠷᠠᠭᠤᠯᠬᠤ ᠰᠠᠭᠤᠷᠢᠨ | ᠭᠠᠵᠠᠷ ᠢ ᠴᠢᠷᠮᠠᠶᠢᠨ ᠪᠠᠶᠢᠭᠤᠯᠵᠤ᠂ ᠣᠳᠣᠬᠠᠨ ᠳᠤ 30000 ᠭᠠᠷᠤᠢ ᠮᠦ ᠰᠠᠭᠤᠷᠢᠨ ᠭᠠᠵᠠᠷ ᠲᠠᠢ ᠪᠣᠯᠪᠠ᠃ | ᠪᠦᠯᠬᠦᠮᠳᠡᠨ ᠨᠢᠭᠲᠠᠷᠠᠵᠤ᠂ ᠭᠠᠪᠰᠢᠭᠠᠶᠢᠯᠠᠨ ᠠᠵᠢᠯᠯᠠᠪᠠ᠃ ᠶᠡᠬᠡᠪᠤᠯᠠᠭ ᠤᠨ ᠬᠠᠪᠰᠤᠷᠤᠨ ᠡᠶᠡᠳᠡᠭᠦᠯᠬᠦ ᠪᠦᠯᠬᠦᠮ ᠢ ᠪᠠᠶᠢᠭᠤᠯᠤᠨ᠂ ᠪᠦᠯᠬᠦᠮ ᠤᠨ ᠬᠢᠨ ᠬᠠᠤᠯᠢ | ᠴᠠᠭᠠᠵᠠ ᠶᠢᠨ ᠭᠠᠵᠠᠷ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠵᠡᠷᠭᠡ ᠲᠠᠢ ᠢᠳᠡᠪᠬᠢᠲᠡᠢ ᠬᠠᠷᠢᠯᠴᠠᠵᠤ᠂ ᠰᠠᠶᠢᠨ ᠭᠡᠷ ᠪᠦᠯᠢ᠂ ᠰᠠᠶᠢᠨ ᠪᠡᠷᠢ᠂ | ᠰᠠᠶᠢᠨ ᠬᠠᠳᠠᠮ ᠡᠵᠢ ᠵᠡᠷᠭᠡ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠰᠠᠶᠢᠲᠤᠷ ᠥᠷᠨᠢᠭᠦᠯᠦᠨ᠂ ᠶᠣᠰᠣ ᠰᠤᠷᠲᠠᠬᠤᠨ ᠤ ᠵᠢᠱᠢᠶᠡᠴᠢ ᠶᠢ ᠦᠨᠳᠦᠰᠦᠨ ᠱᠠᠲᠤᠨ ᠤ | ᠵᠠᠰᠠᠯᠲᠠ ᠳᠤ ᠣᠷᠣᠯᠴᠠᠭᠤᠯᠪᠠ᠃ 2024 ᠣᠨ ᠤ 9 ᠳ᠋ᠦ᠋ᠭᠡᠷ ᠰᠠᠷ᠎ᠠ ᠳᠤ᠂ ᠬᠠᠪᠰᠤᠷᠤᠨ ᠡᠶᠡᠳᠡᠭᠦᠯᠬᠦ ᠪᠦᠯᠬᠦᠮ ᠤᠨ ᠬᠢᠨ 9 ᠭᠠᠷᠤᠢ ᠤᠳᠠᠭ᠎ᠠ ᠶᠢᠨ | ᠡᠶᠡᠳᠡᠭᠦᠯᠭᠡ ᠪᠠᠷ ᠳᠠᠮᠵᠢᠭᠠᠳ ᠠᠷᠪᠠᠨ ᠬᠡᠳᠦᠨ ᠵᠢᠯ ᠤᠨ ᠬᠤᠭᠤᠴᠠᠭ᠎ᠠ ᠲᠠᠢ ᠨᠤᠲᠤᠭ ᠪᠡᠯᠴᠢᠭᠡᠷ ᠤᠨ ᠵᠢᠭᠤᠷᠠᠯᠳᠤᠭᠠᠨ ᠢ ᠰᠢᠢᠳᠪᠦᠷᠢᠯᠡᠪᠡ᠃ | ᠣᠶᠢᠷ᠎ᠠ ᠳᠤ ︽ᠨᠧ ᠵᠠ︾ ᠬᠡᠮᠡᠬᠦ ᠺᠢᠨᠣ᠋ ᠶᠢᠨ ᠪᠢᠯᠧᠲ ᠤᠨ ᠣᠷᠣᠯᠭ᠎ᠠ ᠨᠢ ᠪᠥᠬᠦ ᠳᠡᠯᠡᠬᠡᠢ ᠶᠢᠨ ᠪᠢᠯᠧᠲ ᠤᠨ ᠣᠷᠣᠯᠭ᠎ᠠ ᠶᠢᠨ ᠡᠮᠦᠨ᠎ᠡ ᠡᠩᠨᠡᠭᠡᠨ ᠳᠤ | ᠣᠷᠣᠵᠤ᠂ ᠨᠧ ᠵᠠ ᠶᠢᠨ ᠪᠡᠶ᠎ᠡ ᠳᠡᠭᠡᠷᠡᠬᠢ ᠬᠤᠪᠢ ᠵᠠᠶᠠᠭ᠎ᠠ ᠪᠠᠨ ᠥᠪᠡᠷ ᠢᠶᠠᠨ ᠡᠵᠡᠮᠳᠡᠵᠦ᠂ ᠡᠰᠡᠷᠭᠦᠴᠡᠨ ᠲᠡᠮᠡᠴᠡᠬᠦ ᠵᠣᠷᠢᠭ ᠰᠠᠨᠠᠭ᠎ᠠ ᠨᠢ ᠬᠥᠮᠥᠰ ᠲᠤ ᠭᠦᠨ | ᠰᠠᠭᠤᠭᠳᠠᠯ ᠥᠭᠴᠡᠢ᠃ ᠬᠤᠶᠢᠰᠢᠳᠠ᠂ ᠶᠡᠬᠡᠪᠤᠯᠠᠭ ᠭᠠᠴᠠᠭ᠎ᠠ ᠶᠢᠨ ᠬᠢᠨ ︽ᠨᠧ ᠵᠠ ᠶᠢᠨ ᠵᠣᠷᠢᠭ ᠰᠠᠨᠠᠭ᠎ᠠ︾ ᠪᠠᠷ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠭ | ᠰᠠᠨᠠᠭ᠎ᠠ ᠪᠠᠨ ᠡᠷᠡᠰ ᠪᠠᠷᠢᠮᠲᠠᠯᠠᠨ᠂ ᠣᠯᠠᠨ ᠲᠦᠮᠡᠨ ᠳᠤ ᠪᠦᠬᠦ ᠬᠦᠴᠦᠨ ᠢᠶᠠᠷ ᠢᠶᠠᠨ ᠦᠢᠯᠡᠴᠢᠯᠡᠵᠦ᠂ ᠪᠦᠬᠦ ᠨᠠᠮ ᠤᠨ ᠭᠡᠰᠢᠭᠦᠨ ᠺᠠᠳ᠋ᠷ ᠪᠦᠯᠬᠦᠮᠳᠡᠵᠦ ᠨᠢᠭᠲᠠᠷᠠᠨ᠂ | ᠬᠠᠮᠲᠤ ᠪᠠᠷ ᠴᠢᠷᠮᠠᠶᠢᠵᠤ᠂ ᠦᠵᠡᠰᠬᠦᠯᠡᠩᠲᠦ ᠰᠠᠶᠢᠬᠠᠨ ᠮᠸᠡᠭ ᠰᠢ ᠶᠢᠨ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃ | | |