ᠪᠥᠬᠦ ᠬᠤᠰᠢᠭᠤᠨ ᠤ ᠪᠡᠯᠡ ᠮᠥᠩᠭᠦ ᠪᠠ ᠲᠥᠷᠥᠯ ᠵᠦᠢᠯ ᠢ ᠲᠡᠮᠡᠴᠡᠨ ᠣᠯᠵᠦ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠶᠢᠨ ᠬᠤᠷᠠᠯ ᠬᠤᠷᠠᠯᠳᠤᠵᠤ ᠭᠤᠸ ᠬᠤᠸᠠᠢ ᠵᠢᠩ ᠬᠤᠷᠠᠯ ᠡᠷᠬᠢᠯᠡᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/2/6
      2 ᠳ᠋ᠤᠭᠠᠷ ᠰᠠᠷ᠎ᠠ ᠶᠢᠨ 5 ᠤ ᠡᠳᠦᠷ᠂ ᠮᠣᠭᠠᠢ ᠵᠢᠯ ᠤᠨ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭᠠᠬᠢ ᠠᠩᠬᠠᠨ ᠤ ᠠᠵᠢᠯᠯᠠᠬᠤ ᠡᠳᠦᠷ ᠲᠤ᠂ ᠣᠲᠤᠭ ᠬᠤᠰᠢᠭᠤ ᠪᠡᠯᠡ ᠮᠥᠩᠭᠦ ᠪᠠ ᠲᠥᠷᠥᠯ ᠵᠦᠢᠯ ᠢ ᠲᠡᠮᠡᠴᠡᠨ ᠣᠯᠵᠦ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠶᠢᠨ ᠬᠤᠷᠠᠯ ᠬᠤᠷᠠᠯᠳᠤᠨ᠂ ᠪᠥᠬᠦ ᠬᠤᠰᠢᠭᠤ ᠪᠠᠷ ᠢᠶᠠᠨ ᠴᠤᠭ ᠰᠦᠯᠳᠡ ᠪᠠᠨ ᠪᠠᠳᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠨ᠂ ᠰᠢᠨ᠎ᠡ ᠨᠢᠭᠡ ᠵᠢᠯ ᠤᠨ ᠠᠵᠢᠯ ᠤᠨ ᠡᠭᠦᠷᠭᠡ ᠪᠠᠨ ᠨᠠᠷᠢᠨ ᠬᠢᠨᠠᠮᠠᠭᠠᠢ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ ᠰᠠᠶᠢᠨ ᠡᠬᠢᠯᠡᠯᠲᠡ ᠲᠠᠢ᠂ ᠠᠮᠵᠢᠯᠲᠠ ᠪᠦᠲᠦᠮᠵᠢ ᠲᠠᠢ ᠪᠠᠶᠢᠬᠤ ᠶᠢ ᠪᠠᠲᠤᠯᠠᠪᠠ᠃ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠡᠭ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠯᠢ ᠷᠦᠢ ᠮᠢᠨ᠂ ᠬᠤᠰᠢᠭᠤ ᠤᠯᠤᠰ ᠳᠦᠷᠦ ᠶᠢᠨ ᠵᠥᠪᠯᠡᠯᠭᠡᠨ ᠤ ᠲᠡᠷᠢᠭᠦᠯᠡᠭᠴᠢ ᠰᠠᠷᠠᠨᠲᠤᠶᠠᠭ᠎ᠠ ᠵᠡᠷᠭᠡ ᠬᠤᠰᠢᠭᠤᠨ ᠤ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃
W020250205571398172761.jpg
      ᠭᠤᠸ ᠬᠤᠸᠠᠢ ᠵᠢᠩ ᠬᠡᠯᠡᠬᠦ ᠳᠡᠭᠡᠨ᠂ ᠣᠳᠣᠬᠠᠨ ᠳᠤ ᠣᠲᠤᠭ ᠬᠤᠰᠢᠭᠤ ᠶᠠᠭ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ ᠪᠠᠶᠢᠨ᠎ᠠ᠂ ᠪᠡᠯᠡ ᠮᠥᠩᠭᠦ ᠪᠠ ᠲᠥᠷᠥᠯ ᠵᠦᠢᠯ ᠢ ᠲᠡᠮᠡᠴᠡᠨ ᠣᠯᠬᠤ ᠪᠣᠯ ᠪᠥᠬᠦ ᠬᠤᠰᠢᠭᠤᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠃ ︽ᠭᠦᠶᠦᠬᠦ︾ ᠤᠬᠠᠮᠰᠠᠷ ᠢᠶᠠᠨ ᠴᠢᠩᠭᠠᠳᠬᠠᠵᠤ᠂ ᠠᠵᠠ ᠲᠣᠬᠢᠶᠠᠯ ᠢ ᠵᠠᠪᠳᠤᠨ ᠠᠳᠬᠤᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠬᠤᠳᠠᠯᠳᠤᠭᠠᠴᠢᠨ ᠤᠷᠢᠬᠤ ᠶᠢ ᠴᠢᠩᠭᠠᠳᠬᠠᠵᠤ᠂ ᠬᠤᠳᠠᠯᠳᠤᠭᠠᠴᠢᠨ ᠤᠷᠢᠬᠤ ᠲᠦᠷᠦᠯ ᠵᠦᠢᠯ ᠢ ᠨᠡᠮᠡᠭᠳᠡᠭᠦᠯᠦᠨ᠂ ᠪᠦᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠳᠠᠰᠤᠷᠠᠯᠳᠠ ᠦᠭᠡᠢ ᠰᠢᠯᠢᠳᠡᠭᠵᠢᠭᠦᠯᠵᠦ᠂ ᠪᠦᠬᠦ ᠬᠡᠯᠬᠢᠶ᠎ᠡ ᠶᠢᠨ ᠬᠠᠩᠭᠠᠯᠭ᠎ᠠ ᠶᠢ ᠪᠠᠲᠤᠯᠠᠨ᠂ ᠲᠣᠮᠣ ᠲᠦᠷᠦᠯ ᠵᠦᠢᠯ ᠢ ᠵᠠᠯᠭᠠᠭ᠎ᠠ ᠵᠠᠯᠭᠠᠭ᠎ᠠ ᠪᠠᠷ ᠣᠷᠣᠭᠤᠯᠤᠨ ᠠᠪᠴᠢᠷᠠᠵᠤ᠂ ᠰᠢᠯᠢᠳᠡᠭ ᠲᠦᠷᠦᠯ ᠵᠦᠢᠯ ᠢ ᠳᠠᠰᠤᠷᠠᠯᠳᠠ ᠦᠭᠡᠢ ᠪᠣᠢ ᠪᠣᠯᠭᠠᠬᠤ ᠬᠡᠷᠡᠭᠲᠡᠢ᠃ ᠳᠡᠭᠡᠳᠦ ᠱᠠᠲᠤᠨ ᠤ ᠰᠠᠯᠠᠭ᠎ᠠ ᠮᠥᠴᠢᠷ  ᠯᠦᠭᠡ ᠶᠢᠨ ᠬᠠᠷᠢᠯᠴᠠᠭ᠎ᠠ ᠶᠠᠪᠤᠯᠴᠠᠭ᠎ᠠ ᠪᠠᠨ ᠴᠢᠩᠭᠠᠳᠬᠠᠵᠤ᠂ ᠨᠡᠩ ᠤᠯᠠᠨ ᠳᠡᠮᠵᠢᠯᠭᠡ ᠶᠢ ᠣᠯᠬᠤ ᠪᠠᠷ ᠴᠢᠷᠮᠠᠶᠢᠨ᠂ ᠬᠤᠷᠳᠤᠴᠠ ᠪᠠᠨ ᠨᠡᠮᠡᠭᠳᠡᠭᠦᠯᠬᠦ ᠬᠡᠷᠡᠭᠲᠡᠢ᠃ ︽ᠰᠦᠪᠡᠭᠴᠢᠯᠡᠬᠦ︾ ᠴᠢᠳᠠᠪᠤᠷᠢ ᠪᠠᠨ ᠴᠢᠩᠭᠠᠳᠬᠠᠵᠤ᠂ ︽ᠰᠦᠪᠡᠭᠴᠢᠯᠡᠬᠦ︾ ᠤᠶᠤᠨ ᠤᠬᠠᠭᠠᠨ ᠢᠶᠠᠷ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠮᠠᠨ ᠤ ᠬᠤᠰᠢᠭᠤᠨ ᠤ ᠳᠠᠪᠠᠭᠤᠯᠢᠭ ᠪᠣᠯᠣᠨ ᠰᠠᠭᠤᠷᠢ ᠳᠤ ᠰᠠᠭᠤᠷᠢᠯᠠᠵᠤ᠂ ᠳᠦᠷᠦᠯ ᠵᠦᠢᠯ ᠬᠢᠭᠡᠳ ᠳᠦᠷᠦ ᠶᠢᠨ ᠪᠣᠳᠣᠯᠭ᠎ᠠ ᠶᠢ ᠠᠪᠴᠠᠯᠳᠤᠭᠤᠯᠬᠤ ᠡᠷᠴᠢᠮ ᠢ ᠲᠦᠷᠭᠡᠨ ᠠᠬᠢᠭᠤᠯᠤᠨ᠂ ᠴᠢᠨᠠᠭᠰᠢᠳᠠ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠳᠦᠷᠦᠯ ᠵᠦᠢᠯ ᠢ ᠡᠷᠲᠡ ᠨᠠᠶᠢᠳᠠᠪᠤᠷᠢᠵᠢᠭᠤᠯᠵᠤ ᠡᠷᠲᠡ ᠬᠡᠷᠡᠭᠵᠢᠭᠦᠯᠬᠦ ᠬᠡᠷᠡᠭᠲᠡᠢ᠃ ︽ᠲᠡᠮᠡᠴᠡᠬᠦ︾ ᠡᠷᠴᠢᠮ ᠢᠶᠠᠨ ᠴᠢᠩᠭᠠᠷᠠᠭᠤᠯᠵᠤ᠂ ︽ᠲᠡᠮᠡᠴᠡᠬᠦ︾ ᠰᠥᠰᠥ ᠵᠣᠷᠢᠭ ᠢᠶᠠᠷ ᠪᠣᠭᠤᠮᠲᠠ ᠶᠢ ᠰᠢᠪᠲᠤᠯᠬᠤ ᠬᠡᠷᠡᠭᠲᠡᠢ᠃ ︽ᠵᠣᠷᠢᠯᠭ᠎ᠠ ᠳᠠᠭᠠᠨ ᠬᠦᠷᠬᠦ ᠦᠭᠡᠢ ᠪᠣᠯ ᠵᠣᠭᠰᠣᠬᠤ ᠦᠭᠡᠢ︾ ᠪᠠᠶᠢᠬᠤ ᠢᠲᠡᠭᠡᠯ ᠵᠣᠷᠢᠭ ᠢ ᠪᠤᠢ ᠪᠣᠯᠭᠠᠨ᠂ ᠬᠦᠴᠢᠷ ᠪᠡᠷᠬᠡᠰᠢᠶᠡᠯ ᠢ ᠵᠣᠷᠢᠭᠲᠠᠢ ᠪᠠᠷ ᠢᠯᠠᠨ ᠳᠠᠪᠠᠵᠤ᠂ ᠪᠣᠭᠤᠮᠲᠠ ᠰᠢᠪᠲᠤᠯᠬᠤ ᠬᠡᠷᠡᠭᠲᠡᠢ᠃ ᠲᠡᠷᠢᠭᠦᠨ ᠤ ᠭᠠᠵᠠᠷ ᠣᠷᠣᠨ ᠲᠠᠢ ᠵᠣᠷᠢᠭᠲᠠᠢ ᠥᠷᠢᠰᠦᠯᠳᠦᠵᠦ᠂ ᠪᠡᠶ᠎ᠡ ᠲᠠᠢ ᠪᠠᠨ ᠵᠣᠷᠢᠭᠲᠠᠢ ᠥᠷᠢᠰᠦᠯᠳᠦᠨ᠂ ︽ᠲᠡᠮᠡᠴᠡᠬᠦ︾ ᠰᠦᠰᠦ ᠵᠣᠷᠢᠭ ᠢᠶᠠᠷ ᠨᠡᠩ ᠤᠯᠠᠨ ᠳᠡᠮᠵᠢᠯᠭᠡ ᠪᠠ ᠡᠬᠢ ᠪᠠᠶᠠᠯᠢᠭ ᠢ ᠣᠯᠬᠤ ᠬᠡᠷᠡᠭᠲᠡᠢ᠃ ︽ᠬᠡᠷᠡᠭᠯᠡᠬᠦ︾ ᠦᠷ᠎ᠡ ᠪᠦᠲᠦᠮᠵᠢ ᠶᠢ ᠴᠢᠩᠭᠠᠳᠬᠠᠵᠤ᠂ ︽ᠬᠡᠷᠡᠭᠯᠡᠬᠦ︾ ᠦᠷ᠎ᠡ ᠪᠦᠲᠦᠮᠵᠢ ᠪᠠᠷ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠬᠡᠷᠡᠭᠲᠡᠢ᠃ ᠪᠡᠯᠡ ᠮᠥᠩᠭᠦ ᠪᠠ ᠲᠥᠷᠥᠯ ᠵᠦᠢᠯ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠴᠢᠬᠤᠯᠠᠴᠢᠯᠠᠵᠤ᠂ ᠰᠠᠶᠢᠲᠤᠷ ᠪᠣᠳᠠᠲᠠᠢ ᠪᠥᠭᠡᠳ ᠠᠮᠢᠳᠤᠯᠢᠭ ᠬᠡᠷᠡᠭᠯᠡᠨ᠂ ᠪᠡᠯᠡ ᠮᠥᠩᠭᠦ ᠪᠣᠯᠣᠨ ᠲᠥᠷᠥᠯ ᠵᠦᠢᠯ ᠢ ᠦᠨᠡᠨᠬᠦ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠪᠡ᠃      ᠰᠣ᠋ ᡁᠢ ᠰᠢᠶᠦ᠋ᠡᠭ ᠬᠡᠯᠡᠬᠦ ᠳᠡᠭᠡᠨ᠂ ᠬᠠᠷᠠᠯᠲᠠ ᠪᠠᠨ ᠳᠤᠪᠤᠶᠢᠯᠭᠠᠵᠦ ᠭᠤᠣᠯᠳᠠᠯᠭ᠎ᠠ ᠲᠠᠢ ᠳᠦᠷᠦᠯ ᠵᠦᠢᠯ ᠢ ᠪᠣᠳᠠᠲᠠᠢ ᠠᠳᠬᠤᠨ᠂ ᠡᠮᠦᠨᠡᠬᠢ ᠬᠤᠭᠤᠴᠠᠭᠠᠨ ᠤ ᠭᠠᠷᠳᠠᠮ ᠢ ᠪᠣᠳᠠᠲᠠᠢ ᠭᠦᠢᠴᠡᠳᠬᠡᠵᠦ᠂ ᠴᠠᠭ ᠤᠨ ᠳᠠᠷᠠᠭᠠᠯᠠᠯ ᠤᠨ ᠠᠬᠢᠴᠠ ᠶᠢᠨ ᠪᠦᠲᠦᠭᠡᠨ ᠪᠠᠶᠢᠭᠤᠯᠤᠯᠲᠠ ᠶᠢ ᠠᠩᠬᠠᠷᠤᠨ᠂ ᠭᠤᠣᠯᠳᠠᠯᠭ᠎ᠠ ᠲᠠᠢ ᠳᠦᠷᠦᠯ ᠵᠦᠢᠯ ᠢ ᠦᠢᠯᠡᠳᠪᠦᠷᠢᠯᠡᠯ ᠳᠤ ᠣᠷᠣᠭᠤᠯᠬᠤ ᠶᠢ ᠠᠳᠬᠤᠵᠤ᠂ ᠲᠥᠯᠥᠪᠯᠡᠭᠰᠡᠨ ᠳᠦᠷᠦᠯ ᠵᠦᠢᠯ ᠢ ᠦᠨᠡᠨᠬᠦ ᠪᠣᠳᠠᠲᠠᠢ ᠪᠡᠯᠡ ᠣᠷᠣᠭᠤᠯᠤᠯᠲᠠ ᠪᠣᠯᠭᠠᠵᠤ ᠬᠤᠪᠢᠷᠠᠭᠤᠯᠤᠨ᠂ ᠤᠳᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠬᠦᠴᠦᠨ ᠪᠣᠯᠣᠨ ᠨᠥᠭᠡᠴᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠪᠦᠲᠦᠴᠡ ᠶᠢ ᠲᠣᠪᠣᠶᠢᠯᠭᠠᠵᠤ ᠬᠤᠳᠠᠯᠳᠤᠭᠠᠴᠢᠨ ᠤᠷᠢᠬᠤ ᠲᠦᠷᠦᠯ ᠵᠦᠢᠯ ᠢ ᠴᠢᠩᠭ᠎ᠠ ᠠᠳᠬᠤᠨ᠂ ᠬᠡᠯᠬᠢᠶ᠎ᠡ ᠶᠢ ᠨᠥᠬᠦᠪᠦᠷᠢᠯᠡᠵᠦ ᠴᠢᠩᠭᠠᠳᠬᠠᠬᠤ᠂ ᠰᠢᠯᠢᠳᠡᠭ ᠬᠦᠴᠦᠷᠬᠡᠭ ᠢ ᠤᠷᠢᠨ ᠠᠪᠴᠢᠷᠠᠬᠤ᠂ ᠬᠦᠴᠦᠨ ᠵᠦᠢᠯ ᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠨᠥᠬᠦᠪᠦᠷᠢᠯᠡᠵᠦ ᠬᠦᠴᠦᠷᠬᠡᠭᠵᠢᠭᠦᠯᠬᠦ ᠳᠡᠭᠡᠷ᠎ᠡ ᠲᠦᠷᠦᠯ ᠵᠦᠢᠯ ᠢ ᠲᠥᠯᠥᠪᠵᠢᠭᠦᠯᠦᠨ᠂ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ ᠪᠦᠯᠦᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠳᠦᠷᠦ ᠶᠢᠨ ᠪᠣᠳᠣᠯᠭ᠎ᠠ ᠶᠢ ᠲᠣᠪᠣᠶᠢᠯᠭᠠᠵᠤ ᠳᠡᠮᠵᠢᠬᠦ ᠳᠦᠷᠦᠯ ᠵᠦᠢᠯ ᠢ ᠠᠳᠬᠤᠨ᠂ ᠳᠡᠮᠵᠢᠬᠦ ᠳᠦᠷᠦ ᠶᠢᠨ ᠪᠣᠳᠣᠯᠭ᠎ᠠ ᠶᠢ ᠨᠡᠪᠲᠡᠷᠬᠡᠢ ᠡᠵᠡᠮᠰᠢᠵᠦ᠂ ᠵᠣᠬᠢᠴᠠᠭᠤᠯᠤᠨ ᠵᠣᠯᠭᠠᠭᠤᠯᠬᠤ ᠶᠢ ᠴᠢᠩᠭᠠᠳᠬᠠᠨ᠂ ᠬᠡᠷᠡᠭᠯᠡᠵᠦ ᠬᠠᠮᠢᠶᠠᠷᠬᠤ ᠶᠢ ᠴᠢᠩᠳᠠᠯᠠᠵᠤ᠂ ᠪᠡᠯᠡ ᠮᠥᠩᠭᠦ ᠪᠠ ᠳᠦᠷᠦᠯ ᠵᠦᠢᠯ ᠢ ᠴᠢᠷᠮᠠᠶᠢᠨ ᠣᠯᠬᠤ ᠬᠠᠨᠳᠤᠯᠭᠠᠲᠤ ᠴᠢᠨᠠᠷ ᠪᠣᠯᠣᠨ ᠠᠮᠵᠢᠯᠲᠠ ᠶᠢᠨ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠣᠷᠴᠢᠨ ᠲᠣᠭᠤᠷᠢᠨ ᠢ ᠲᠣᠪᠣᠶᠢᠯᠭᠠᠵᠤ ᠰᠢᠯᠢᠳᠡᠭ ᠦᠢᠯᠡᠴᠢᠯᠡᠭᠡᠨ ᠤ ᠲᠦᠷᠦᠯ ᠵᠦᠢᠯ ᠢ ᠠᠳᠬᠤᠨ᠂ ᠦᠨᠡᠨ ᠰᠡᠳᠬᠢᠯ ᠠᠴᠠ ᠪᠠᠨ ᠢᠵᠢ ᠪᠦᠷᠢᠳᠦᠭᠰᠡᠨ ᠲᠤᠯᠭᠠᠭᠤᠷᠢᠯᠠᠯ ᠪᠠ ᠦᠢᠯᠡᠴᠢᠯᠡᠭᠡᠨ ᠤ ᠣᠷᠴᠢᠨ ᠲᠣᠭᠤᠷᠢᠨ ᠢ ᠬᠠᠩᠭᠠᠵᠤ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠰᠢᠯᠢᠳᠡᠭ ᠦᠢᠯᠡᠴᠢᠯᠡᠭᠡ ᠬᠠᠩᠭᠠᠨ᠂ ᠬᠥᠭᠵᠢᠯᠲᠡ ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ᠂ ᠠᠮᠢᠵᠢᠷᠠᠯ ᠤᠨ ᠬᠦᠴᠦᠨ ᠪᠠ ᠨᠢᠭᠲᠠᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠪᠡ᠃      ᠬᠤᠷᠠᠯ ᠠᠴᠠ ᠪᠠᠰᠠ ᠲᠥᠷᠥᠯ ᠵᠦᠢᠯ ᠢ ᠠᠳᠬᠤᠬᠤ᠂ ᠬᠥᠭᠵᠢᠯᠲᠡ ᠶᠢ ᠠᠬᠢᠭᠤᠯᠬᠤ ᠠᠵᠢᠯ ᠤᠨ ᠠᠬᠢᠴᠠ᠂ ᠰᠡᠳᠬᠢᠴᠡ ᠠᠷᠭ᠎ᠠ ᠬᠡᠮᠵᠢᠶ᠎ᠡ ᠶᠢ ᠰᠣᠨᠣᠰᠴᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠪᠢᠶᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ