ᠠᠯᠠᠱᠠᠨ ᠤ ᠳᠠᠯᠠᠨ ᠲᠣᠪᠴᠢ
ᠨᠡᠶᠢᠲᠡᠯᠡᠭᠰᠡᠨ ᠴᠠᠭ᠄
2025/2/7
      ᠬᠠᠪᠤᠷᠰᠢᠯ ᠴᠡᠴᠡᠭ ᠤᠨ ᠢᠵᠠᠭᠤᠷ᠂ ᠳᠠᠯᠠᠨ ᠲᠣᠪᠴᠢ ᠶᠢᠨ ᠲᠥᠷᠥᠯ᠃ ᠣᠯᠠᠨ ᠨᠠᠰᠤᠲᠤ ᠲᠡᠪᠢᠰᠭᠡᠷ ᠬᠡᠯᠪᠡᠷᠢᠲᠦ ᠤᠷᠭᠤᠮᠠᠯ᠂ 6 ᠳ᠋ᠤᠭᠠᠷ ᠰᠠᠷ᠎ᠠ ᠳᠤ ᠴᠡᠴᠡᠭᠯᠡᠵᠦ᠂ 6 — 8 ᠳ᠋ᠤᠭᠠᠷ ᠰᠠᠷ᠎ᠠ ᠳᠤ ᠦᠷᠡᠯᠡᠨ᠎ᠡ᠃      ᠭᠠᠩᠰᠠᠭ ᠤᠷᠭᠤᠮᠠᠯ᠃ ᠤᠷᠠᠨᠳᠦ᠋ᠰᠢ ᠠᠭᠤᠯᠠ ᠶᠢᠨ ᠣᠷᠣᠢ ᠳᠡᠭᠡᠷ᠎ᠡ ᠤᠷᠭᠤᠵᠤ ᠪᠠᠶᠢᠳᠠᠭ᠃      ᠲᠤᠰ ᠲᠥᠷᠥᠯ ᠤᠨ ᠲᠠᠷᠬᠠᠯᠲᠠ ᠶᠢᠨ ᠬᠡᠪᠴᠢᠶ᠎ᠡ ᠨᠢ ᠢᠪᠴᠣᠣ᠂ ᠠᠮᠢ ᠠᠬᠤᠢ ᠶᠢᠨ ᠣᠷᠴᠢᠨ ᠲᠣᠭᠤᠷᠢᠨ ᠤ ᠱᠠᠭᠠᠷᠳᠠᠯᠭ᠎ᠠ ᠨᠢ ᠴᠢᠩᠭ᠎ᠠ᠂ ᠪᠠᠰᠠ ᠮᠠᠯ ᠪᠡᠯᠴᠢᠭᠡᠷᠯᠡᠭᠦᠯᠦᠭᠰᠡᠨ ᠠᠴᠠ ᠲᠤᠭ᠎ᠠ ᠨᠢ ᠢᠳᠡᠭ ᠢᠳᠡᠭ ᠢᠶᠠᠷ ᠴᠥᠭᠡᠷᠡᠵᠡᠢ᠃ ᠲᠤᠰ ᠤᠷᠭᠤᠮᠠᠯ ᠪᠣᠯ ᠦᠵᠡᠮᠵᠢ ᠳᠤ ᠬᠡᠷᠡᠭᠯᠡᠬᠦ ᠬᠡᠭᠡᠷ᠎ᠡ ᠶᠢᠨ ᠴᠡᠴᠡᠭ ᠤᠨ ᠴᠢᠬᠤᠯᠠ ᠡᠬᠢ ᠪᠠᠶᠠᠯᠢᠭ ᠪᠣᠯᠬᠤ ᠶᠤᠮ᠃ ᠨᠢᠭᠡᠨᠲᠡ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠲᠥᠷᠥᠯ ᠤᠨ ᠬᠠᠮᠠᠭᠠᠯᠠᠯᠲᠠ ᠶᠢᠨ ᠤᠷᠭᠤᠮᠠᠯ ᠢᠶᠠᠷ ᠲᠣᠭᠲᠠᠭᠠᠵᠠᠢ᠃                        ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾  ᠪᠠᠭᠠᠲᠤᠷ ᠨᠠᠶᠢᠷᠠᠭᠤᠯᠤᠨ ᠵᠤᠬᠢᠶᠠᠪᠠ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ