ᠵᠠᠯᠠᠭᠤ ᠦᠰᠦ ᠵᠠᠰᠠᠭᠴᠢ ᠬᠠᠰᠮᠥ᠋ᠷᠡᠨ ᠦᠰᠦ ᠵᠠᠰᠠᠬᠤ ᠭᠠᠵᠠᠷ ᠨᠡᠭᠡᠭᠡᠵᠦ᠂ ᠠᠳᠠᠯ ᠦᠢᠯᠡᠰ ᠴᠣᠭᠴᠠᠯᠠᠬᠤ ᠶᠠᠪᠤᠴᠠ ᠳᠠᠭᠠᠨ ᠳᠤᠰᠤᠯ ᠳᠠᠯᠠᠢ ᠨᠠᠶᠢᠭᠡᠮᠯᠢᠭ ᠲᠤ | ᠣᠷᠣᠨ᠂ ᠨᠡᠶᠢᠭᠡᠮ ᠤᠨ ᠬᠠᠷᠢᠭᠤᠴᠠᠯᠭ᠎ᠠ ᠪᠠᠨ ᠮᠠᠷᠲᠠᠭᠰᠠᠨ ᠦᠭᠡᠢ᠃ ᠲᠡᠷᠡ ᠦᠷᠭᠦᠯᠵᠢ ᠨᠡᠶᠢᠭᠡᠮ ᠲᠣᠭᠤᠷᠢᠭ ᠲᠤ ᠭᠦᠷᠴᠥ᠂ ᠬᠥᠳᠡᠯᠵᠦ ᠪᠠᠷᠢᠬᠤ ᠳᠤ ᠳᠥᠭᠦᠮ ᠦᠭᠡᠢ | ᠨᠠᠰᠤᠲᠠᠶᠢᠴᠤᠳ ᠪᠤᠶᠤ ᠠᠮᠢᠳᠤᠷᠠᠯ ᠭᠦᠴᠢᠷᠳᠡᠯᠳᠠᠢ ᠭᠦᠮᠦᠰ ᠲᠤ ᠦᠨ᠎ᠡ ᠲᠥᠯᠥᠪᠦᠷᠢ ᠦᠭᠡᠢ ᠪᠠᠷ ᠦᠰᠦ ᠵᠠᠰᠠᠬᠤ ᠦᠢᠯᠡᠴᠢᠯᠡᠭᠡ ᠬᠠᠩᠭᠠᠳᠠᠭ ᠪᠠᠶᠢᠨ᠎ᠠ᠃ | ᠬᠠᠰᠮᠥ᠋ᠷᠡᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠄ ︽ᠪᠢ ᠡᠨᠡ ᠠᠵᠢᠯ ᠢ ᠬᠢᠵᠦ ᠪᠠᠶᠢᠭ᠎ᠠ ᠨᠢ ᠨᠡᠷ᠎ᠡ ᠮᠠᠨᠳᠤᠬᠤ ᠶᠢᠨ ᠲᠥᠯᠥᠭᠡ ᠪᠢᠰᠢ᠂ ᠵᠥᠪᠬᠡᠨ ᠨᠠᠰᠤᠳᠠᠶᠢᠴᠥᠳ | ᠨᠡᠩ ᠰᠠᠶᠢᠨ ᠬᠠᠷᠠᠭᠠᠯᠵᠠᠯ ᠭᠥᠷᠳᠡᠬᠦ ᠶᠣᠰᠣᠲᠠᠢ ᠭᠡᠵᠦ ᠪᠤᠳᠤᠵᠤ ᠪᠠᠶᠢᠭ᠎ᠠ ᠶᠤᠮ︾ ᠭᠡᠵᠡᠢ᠃ ᠲᠡᠭᠦᠨ ᠤ ᠳᠠᠭᠠᠭᠤᠯᠭ᠎ᠠ ᠪᠠᠷ᠂ ᠤᠯᠠᠮ ᠠᠴᠠ ᠤᠯᠠᠮ ᠤᠯᠠᠨ | ᠵᠠᠯᠠᠭᠤᠴᠤᠳ ᠨᠠᠶᠢᠳᠠ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠢ ᠤᠷᠤᠯᠴᠠᠬᠤ ᠪᠤᠯᠵᠡᠢ᠃ ᠠᠯᠪᠠᠨ ᠵᠢᠷᠤᠮ ᠤᠨ ᠦᠰᠦ ᠵᠠᠰᠠᠬᠤ ᠠᠴᠠ ᠨᠠᠰᠤᠲᠠᠶᠢᠴᠤᠳ ᠲᠤ | ᠬᠠᠨᠢ ᠪᠣᠯᠵᠤ ᠵᠣᠭᠤᠭᠳᠠᠬᠤ ᠬᠦᠷᠲᠡᠯ᠎ᠡ᠂ ᠠᠮᠢᠳᠤᠷᠠᠯ ᠤᠨ ᠬᠡᠷᠡᠭᠰᠡᠯ ᠢᠶᠠᠨ ᠬᠠᠨᠳᠢᠪᠯᠡᠬᠤ ᠠᠴᠠ ᠰᠣᠶᠣᠯ ᠴᠡᠩᠭᠡᠯ ᠤᠨ ᠠᠵᠢᠯᠯᠠᠭ᠎ᠠ ᠵᠣᠬᠢᠶᠠᠨ ᠪᠠᠶᠢᠭᠤᠯᠬᠤ ᠬᠦᠷᠲᠡᠯ᠎ᠡ᠂ | ᠪᠦᠬᠦ᠋ᠢᠯᠡ ᠨᠡᠶᠢᠭᠡᠮ ᠲᠣᠭᠤᠷᠢᠭ ᠲᠤ ᠬᠠᠶᠢᠷ᠎ᠠ ᠬᠠᠯᠠᠮᠵᠢ ᠪᠠᠷ ᠪᠢᠯᠬᠠᠨ᠂ ᠡᠨᠡ ᠬᠦ ᠢᠳᠡᠪᠬᠢ ᠬᠦᠴᠦᠨ ᠨᠢ ᠨᠠᠩ ᠤᠯᠠᠨ ᠭᠠᠵᠠᠷ ᠲᠤ ᠤᠯᠠᠮᠵᠢᠯᠠᠭᠳᠠᠵᠤ᠂ ᠨᠠᠩ ᠤᠯᠠᠨ | ᠬᠥᠮᠥᠨ ᠳᠤ ᠬᠥᠮᠥᠨ ᠤ ᠶᠢᠷᠲᠢᠨᠴᠦ ᠶᠢᠨ ᠬᠠᠶᠢᠷ᠎ᠠ ᠰᠡᠳᠬᠢᠯᠭᠡ ᠪᠠ ᠰᠠᠶᠢᠨ ᠰᠠᠶᠢᠬᠠᠨ ᠢ ᠮᠡᠳᠡᠷᠡᠭᠦᠯᠬᠦ ᠶᠢ ᠬᠦᠰᠡᠵᠦ ᠪᠠᠶᠢᠯ᠎ᠠ᠃ | | |