ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠵᠤ  ᠭᠤᠸ ᠬᠤᠸᠠᠢ ᠵᠢᠩ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/3/10
      3 ᠳ᠋ᠤᠭᠠᠷ ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶ᠎ᠠ ᠶᠢᠨ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠬᠤᠷᠠᠯ ᠡᠷᠭᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠪᠠᠷᠢᠮᠵᠢᠶ᠎ᠠ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠪᠠᠷ ᠣᠷᠣᠵᠤ ᠰᠠᠭᠤᠬᠤ ᠠᠴᠠ ᠡᠮᠦᠨᠡᠬᠢ ᠪᠦᠬᠦ ᠠᠵᠢᠯ ᠤᠨ ᠪᠡᠯᠡᠳᠬᠡᠯ ᠠᠵᠢᠯ ᠳᠤ ᠬᠠᠮᠵᠢᠯᠴᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠤᠭ ᠤᠨ ᠭᠦᠨᠵᠡᠭᠡᠢ ᠦᠵᠡᠯ ᠰᠠᠨᠠᠭᠠᠨ ᠤ ᠲᠠᠨᠢᠯᠲᠠ ᠪᠠᠷ ᠲᠣᠭᠤᠷᠢᠨ ᠪᠠᠶᠢᠴᠠᠭᠠᠯᠲᠠ ᠶᠢ ᠤᠭᠲᠤᠨ᠂ ᠬᠠᠮᠤᠭ ᠤᠨ ᠰᠠᠨᠠᠭᠠᠴᠢᠯᠠᠭᠠᠲᠤ ᠣᠪᠣᠷ ᠢᠶᠠᠷ ᠲᠣᠭᠤᠷᠢᠨ ᠪᠠᠶᠢᠴᠠᠭᠠᠯᠲᠠ ᠳᠤ ᠬᠠᠮᠵᠢᠯᠴᠠᠵᠤ᠂ ᠬᠠᠮᠤᠭ ᠤᠨ ᠴᠠᠭᠠᠷᠠᠭᠰᠠᠨ ᠣᠪᠣᠷ ᠰᠤᠷᠲᠠᠯ ᠳᠦᠷᠢ ᠲᠥᠷᠬᠦ ᠪᠠᠷ ᠪᠠᠶᠢᠴᠠᠭᠠᠯᠲᠠ ᠶᠢ ᠬᠦᠯᠢᠶᠡᠨ᠂ ᠲᠣᠭᠤᠷᠢᠨ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠳᠡᠭᠡᠷ᠎ᠡ ︽ᠣᠲᠤᠭ ᠬᠤᠰᠢᠭᠤᠨ ᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠥᠯ︾ ᠤᠨ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠬᠡᠪᠴᠢᠶ᠎ᠡ ᠶᠢ ᠲᠠᠷᠢᠶᠠᠯᠠᠩ ᠮᠠᠯ ᠠᠵᠤ ᠠᠬᠤᠢ᠂ ᠨᠡᠭᠦᠷᠡᠰᠦᠨ ᠠᠭᠤᠷᠬᠠᠢ ᠬᠦᠷᠲᠡᠯ᠎ᠡ ᠥᠷᠭᠡᠳᠬᠡᠵᠦ᠂ ᠪᠥᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠪᠥᠬᠦ ᠲᠠᠯ᠎ᠠ ᠪᠠᠷ ᠬᠥᠭᠵᠢᠭᠡᠬᠦ ᠬᠡᠷᠡᠭᠲᠡᠢ᠃ ᠰᠢᠶᠠᠨ ᠤ ᠲᠡᠰ ᠤᠨ ᠤᠳᠤᠷᠢᠳᠤᠯᠭ᠎ᠠ ᠶᠢᠨ ᠬᠤᠯᠪᠣᠭᠠᠯᠠᠨ ᠳᠠᠭᠠᠭᠠᠴᠢᠯᠠᠬᠤ ᠦᠢᠯᠡᠴᠢᠯᠡᠭᠡᠨ ᠤ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠤ ᠠᠬᠤᠶᠢᠯᠠᠯ ᠤᠨ ᠬᠦᠴᠢᠷᠳᠡᠯ ᠢ ᠠᠰᠠᠭᠤᠬᠤ ᠬᠥᠮᠥᠨ ᠲᠠᠢ᠂ ᠬᠠᠮᠢᠶᠠᠷᠬᠤ ᠬᠥᠮᠥᠨ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ ᠪᠥᠬᠦ ᠬᠤᠰᠢᠭᠤᠨ ᠤ ︽ᠨᠠᠢᠮᠠᠨ ᠵᠦᠢᠯ ᠤᠨ ᠭᠤᠣᠯᠳᠠᠯᠭ᠎ᠠ ᠲᠠᠢ ᠡᠭᠦᠷᠭᠡ︾ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠣᠬᠢᠷᠲᠤᠯ ᠦᠭᠡᠢ ᠪᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠢ ᠠᠬᠢᠭᠤᠯᠤᠨ᠂ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢᠨ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢᠨ ᠶᠠᠰᠤ ᠴᠢᠨᠠᠷ ᠪᠣᠯᠣᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠣᠷᠴᠢᠨ ᠠᠬᠤᠢ ᠶᠢᠨ ᠬᠠᠮᠠᠭᠠᠯᠠᠯᠲᠠ ᠶᠢᠨ ᠤᠬᠠᠭᠤᠯᠤᠨ ᠲᠠᠨᠢᠯᠴᠠᠭᠤᠯᠬᠤ ᠠᠷᠭ᠎ᠠ ᠬᠡᠯᠪᠡᠷᠢ ᠶᠢ ᠦᠷᠭᠦᠯᠵᠢᠯᠡᠨ ᠰᠠᠶᠢᠵᠢᠷᠠᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠤᠨ᠂ ᠪᠦᠬᠦ ᠠᠷᠠᠳ ᠢᠶᠠᠷ ᠢᠶᠠᠨ ᠠᠮᠢ ᠠᠬᠤᠢ ᠶᠢᠨ ᠪᠣᠯᠪᠠᠰᠤᠨ ᠢ ᠬᠠᠮᠲᠤ ᠪᠠᠷ ᠪᠠᠶᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠬᠤᠰᠢᠭᠤᠨ ᠤ ︽ᠵᠢᠷᠭᠤᠭᠠᠨ ᠠᠵᠢᠯᠯᠠᠭ᠎ᠠ︾ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃      ᠬᠤᠷᠠᠯ ᠠᠴᠠ ᠮᠠᠨ ᠤ ᠬᠤᠰᠢᠭᠤᠨ ᠤ ᠰᠢᠨ᠎ᠡ ᠨᠢᠭᠡ ᠡᠭᠡᠯᠵᠢ ᠶᠢᠨ ᠬᠤᠯᠪᠣᠭᠠᠯᠠᠨ ᠳᠠᠭᠠᠭᠠᠴᠢᠯᠠᠬᠤ ᠡᠭᠦᠷᠭᠡ ᠶᠢ ᠪᠠᠶᠢᠷᠢᠯᠠᠭᠤᠯᠤᠨ᠂ ᠠᠵᠤ ᠠᠬᠤᠶᠢᠯᠠᠯ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠭᠦᠨᠵᠡᠭᠡᠶᠢᠷᠡᠵᠦ᠂ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠨ᠂ ᠦᠨᠳᠦᠰᠦᠨ ᠱᠠᠲᠤᠨ ᠤ ᠵᠥᠷᠢᠴᠡᠯ ᠢ ᠢᠳᠡᠪᠬᠢᠲᠡᠢ ᠰᠢᠢᠳᠪᠦᠷᠢᠯᠡᠵᠦ᠂ ᠪᠥᠬᠦ ᠲᠠᠯ᠎ᠠ ᠪᠠᠷ  ᠬᠤᠯᠪᠣᠭᠠᠯᠠᠨ ᠳᠠᠭᠠᠭᠠᠴᠢᠯᠠᠬᠤ᠂ ᠪᠥᠬᠦ ᠶᠠᠪᠤᠴᠠ ᠪᠠᠷ ᠮᠥᠷᠳᠡᠨ ᠳᠠᠭᠠᠬᠤ᠂ ᠪᠥᠬᠦ ᠬᠡᠯᠬᠢᠶ᠎ᠡ ᠪᠠᠷ ᠦᠢᠯᠡᠴᠢᠯᠡᠬᠦ ᠶᠢ ᠪᠡᠶᠡᠯᠡᠭᠦᠯᠦᠨ᠂ ᠬᠤᠯᠪᠣᠭᠠᠯᠠᠨ ᠳᠠᠭᠠᠭᠠᠴᠢᠯᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠬᠤᠯᠪᠣᠭᠳᠠᠯ ᠪᠦᠬᠦᠢ ᠠᠵᠢᠯ ᠤᠨ ᠲᠥᠰᠥᠯ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃     
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ