2024 ᠣᠨ ᠤ ᠪᠥᠬᠦ ᠵᠢᠯ ᠤᠨ ᠣᠲᠤᠭ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠷᠭᠢᠯᠲᠡ ᠶᠢᠨ ᠪᠠᠶᠢᠳᠠᠯ ᠤᠨ ᠲᠣᠪᠴᠢ ᠵᠠᠳᠠᠯᠤᠯᠲᠠ
ᠨᠡᠶᠢᠲᠡᠯᠡᠭᠰᠡᠨ ᠴᠠᠭ᠄
2025/3/10
      2024 ᠣᠨ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ ᠲᠥᠷᠥᠯ ᠵᠦᠢᠯ ᠨᠡᠶᠢᠲᠡ 125 ︵8 ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠪᠠᠭᠲᠠᠨ᠎ᠠ︶ ᠪᠠᠶᠢᠵᠤ᠂ ᠪᠡᠯᠡ ᠣᠷᠣᠭᠤᠯᠤᠯᠲᠠ ᠶᠢᠨ ᠠᠳᠠᠯᠢ ᠬᠤᠭᠤᠴᠠᠭᠠᠨ ᠤ ᠬᠢ ᠠᠴᠠ11.4% ᠪᠠᠷ ᠨᠡᠮᠡᠭᠳᠡᠪᠡ᠂ ᠡᠭᠦᠨ ᠳᠤ᠄ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 13.9% ᠪᠠᠷ ᠪᠠᠭᠤᠷᠠᠪᠠ᠃       ᠭᠤᠷᠪᠠᠨ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠳᠤ ᠬᠤᠶᠠᠷ ᠨᠢ ᠨᠡᠮᠡᠭᠳᠡᠵᠦ ᠨᠢᠭᠡ ᠨᠢ ᠪᠠᠭᠤᠷᠠᠬᠤ ᠪᠠᠶᠢᠳᠠᠯ ᠢᠯᠡᠷᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ︽ᠰᠠᠭᠤᠷᠢ ᠴᠢᠯᠠᠭᠤ︾ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠪᠠ᠃ 2024 ᠣᠨ ᠳᠤ᠂ ᠨᠢᠭᠡᠳᠦᠭᠡᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 5 ᠳᠠᠬᠢᠨ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 3.5 ᠨᠢᠭᠡᠴᠢ ᠳᠠᠶᠢᠴᠢᠯᠠᠪᠠ︔ ᠬᠤᠶᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ18.4% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 15.5 ᠨᠢᠭᠡᠴᠢ ᠳᠠᠶᠢᠴᠢᠯᠠᠪᠠ︔ ᠭᠤᠷᠪᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 52.3% ᠪᠠᠷ ᠪᠠᠭᠤᠷᠠᠵᠤ᠂ ᠪᠥᠬᠦ ᠪᠡᠯᠡ ᠣᠷᠣᠭᠤᠯᠤᠯᠲᠠ ᠶᠢ ᠵᠠᠭᠤᠨ ᠤ 7.7 ᠨᠢᠭᠡᠴᠢ ᠪᠠᠭᠤᠷᠠᠭᠤᠯᠪᠠ᠃       ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠤᠯᠲᠠ ᠢᠯᠡᠳᠲᠡ ᠬᠤᠪᠢ ᠨᠡᠮᠡᠷᠢ ᠦᠵᠡᠭᠦᠯᠵᠦ᠂ ᠪᠦᠬᠦ ᠵᠢᠯ ᠤᠨ ᠪᠡᠯᠡ ᠣᠷᠣᠭᠤᠯᠤᠯᠲᠠ ᠳᠤ ᠬᠦᠴᠦᠲᠡᠢ ᠲᠤᠯᠭᠠᠭᠤᠷᠢ ᠬᠠᠩᠭᠠᠪᠠ᠃ 2024 ᠣᠨ ᠳᠤ᠂ ᠮᠠᠨ ᠤ ᠬᠤᠰᠢᠭᠤᠨ ᠤ ᠶᠡᠷᠦᠩᠬᠡᠢ ᠪᠡᠯᠡ ᠣᠷᠣᠭᠤᠯᠤᠯᠲᠠ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 89.2% ᠢ ᠡᠵᠡᠯᠡᠨ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 10.2 ᠨᠢᠭᠡᠴᠢ ᠳᠠᠶᠢᠴᠢᠯᠠᠪᠠ᠃ ᠡᠭᠦᠨ ᠳᠤ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠶᠡᠷᠦᠩᠬᠡᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ  ᠬᠢ ᠠᠴᠠ 14.3% ᠪᠠᠷ ᠨᠡᠮᠡᠭᠳᠡᠨ᠂ ᠪᠥᠬᠦ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 65.2% ᠪᠠᠶᠢᠵᠤ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 9.1 ᠨᠢᠭᠡᠴᠢ ᠳᠠᠶᠢᠴᠢᠯᠠᠪᠠ᠃       ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠳᠠᠶᠢᠴᠢᠯᠠᠯᠲᠠ ᠡᠷᠴᠢᠮᠲᠡᠢ ᠪᠠᠶᠢᠵᠤ᠂ ᠬᠥᠭᠵᠢᠯᠲᠡ ᠶᠢᠨ ᠬᠠᠨᠳᠤᠰᠢ ᠦᠷᠭᠦᠯᠵᠢᠯᠡᠨ ᠰᠠᠶᠢᠵᠢᠷᠠᠪᠠ᠃ 2024 ᠣᠨ ᠳᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.8 ᠲᠠᠬᠢᠨ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ 40.4% ᠶᠢ ᠡᠵᠡᠯᠡᠨ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 33 ᠨᠢᠭᠡᠴᠢ ᠳᠠᠶᠢᠴᠢᠯᠠᠪᠠ᠃ ᠡᠭᠦᠨ ᠳᠤ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠨᠡᠯᠢᠶᠡᠳ ᠶᠡᠭᠡ ᠪᠠᠷ ᠳᠠᠶᠢᠴᠢᠯᠠᠪᠠ᠃ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 7.2 ᠳᠠᠬᠢᠨ ᠨᠡᠮᠡᠭᠳᠡᠵᠦ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 93.9% ᠬᠦᠷᠴᠦ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 3.1 ᠳᠠᠬᠢᠨ ᠳᠠᠶᠢᠴᠢᠯᠠᠪᠠ᠃       ᠭᠤᠷᠪᠠᠳᠤᠭᠠᠷ ᠲᠦᠷᠦᠯ ᠤᠨ ᠪᠡᠯᠡ ᠣᠷᠣᠭᠤᠯᠤᠯᠲᠠ ᠵᠡᠷᠭᠡᠴᠡᠨ ᠤᠷᠤᠭᠰᠢᠯᠠᠵᠤ᠂ ᠪᠦᠬᠦ ᠵᠢᠯ ᠤᠨ ᠪᠡᠯᠡ ᠣᠷᠣᠭᠤᠯᠤᠯᠲᠠ ᠶᠢᠨ ᠰᠠᠶᠢᠨ ᠨᠡᠮᠡᠭᠳᠡᠯ ᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃ 2024 ᠣᠨ ᠳᠤ᠂ ᠪᠣᠳᠠᠲᠤ ᠪᠣᠳᠠᠰ ᠤᠨ ᠠᠵᠢᠯ ᠤᠨ ᠬᠡᠮᠵᠢᠶ᠎ᠡ ᠶᠢ ᠲᠤᠰᠬᠠᠭᠰᠠᠨ ᠪᠠᠷᠢᠯᠭ᠎ᠠ ᠶᠢᠨ ᠤᠭᠰᠠᠷᠠᠭᠤᠯᠬᠤ ᠢᠨᠵᠧᠨᠧᠷᠢᠩ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 40.9% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 56.4% ᠶᠢ ᠡᠵᠡᠯᠡᠨ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 20.4 ᠨᠢᠭᠡᠴᠢ ᠳᠠᠶᠢᠴᠢᠯᠠᠪᠠ︔ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠪᠠᠨ ᠥᠷᠭᠡᠳᠬᠡᠬᠦ ᠶᠢ ᠲᠤᠰᠬᠠᠭᠰᠠᠨ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠶᠢ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 8.4% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 39.8% ᠶᠢ ᠡᠵᠡᠯᠡᠨ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 2.9 ᠨᠢᠭᠡᠴᠢ ᠳᠠᠶᠢᠴᠢᠯᠠᠪᠠ︔ ᠠᠵᠤ ᠠᠬᠤᠶᠢᠯᠠᠯ ᠤᠨ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠶᠠᠪᠤᠴᠠ ᠳᠤ ᠪᠣᠶ ᠪᠣᠯᠤᠭᠰᠠᠨ ᠪᠤᠰᠤᠳ ᠵᠠᠷᠤᠳᠠᠯ ᠠᠳᠠᠯᠢ ᠬᠤᠭᠤᠴᠠᠭᠠᠨ ᠤ ᠬᠢ ᠠᠴᠠ 9.4% ᠪᠠᠷ ᠨᠡᠮᠡᠭᠳᠡᠨ᠂ ᠪᠥᠬᠦ ᠪᠡᠯᠡ ᠣᠷᠣᠭᠤᠯᠤᠯᠲᠠ ᠶᠢᠨ 3.8% ᠶᠢ ᠡᠵᠡᠯᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 0.4 ᠨᠢᠭᠡᠴᠢ ᠳᠠᠶᠢᠴᠢᠯᠠᠪᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ