ᠺᠠᠳ᠋ᠷᠴᠤᠳ ᠢᠯᠡᠭᠦᠬᠡᠨ ᠭᠦᠶᠦᠵᠦ  ᠣᠯᠠᠨ ᠲᠦᠮᠡᠨ ᠢ ᠳᠤᠲᠠᠭᠤ ᠬᠦᠶᠦᠯᠭᠡᠨ᠎ᠡ
ᠨᠡᠶᠢᠲᠡᠯᠡᠭᠰᠡᠨ ᠴᠠᠭ᠄
2025/3/11
      ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽1+ 6 + N︾ ᠦᠢᠯᠡᠴᠢᠯᠡᠭᠡᠨ ᠤ ᠲᠣᠭᠲᠠᠯᠴᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠠᠪᠤᠴᠠ ᠳᠤ᠂ ᠴᠢ ᠫᠠᠨ ᠵᠢᠩ ᠪᠠᠯᠭᠠᠰᠤᠨ ᠤ ᠳᠣᠷᠣᠭᠰᠢ ᠪᠠᠭᠤᠭᠰᠠᠨ ᠺᠠᠳ᠋ᠷᠴᠤᠳ ᠬᠠᠷᠢᠭᠤᠴᠠᠯᠭ᠎ᠠ ᠪᠠᠨ ᠢᠳᠡᠪᠬᠢᠲᠡᠢ ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ︽ᠤᠯᠠᠨ ᠲᠦᠮᠡᠨ ᠭᠦᠶᠦᠵᠦ︾ ᠪᠠᠶᠢᠭᠰᠠᠨ ᠢ ︽ᠺᠠᠳ᠋ᠷ ᠭᠦᠶᠦᠬᠦ︾ ᠪᠣᠯᠣᠭᠰᠠᠨ ᠦᠢᠯᠡᠴᠢᠯᠡᠭᠡᠨ ᠤ ᠵᠠᠭᠪᠤᠷ ᠤᠨ ᠬᠤᠪᠢᠷᠠᠯᠲᠠ ᠶᠢ ᠪᠡᠶᠡᠯᠡᠭᠦᠯᠵᠦ᠂ ᠤᠯᠠᠨ ᠲᠦᠮᠡᠨ ᠤ ᠤᠴᠢᠷ ᠰᠢᠢᠳᠪᠦᠷᠢᠯᠡᠬᠦ ᠳᠤ ᠬᠦᠴᠢᠷᠲᠡᠢ᠂ ᠤᠴᠢᠷ ᠶᠠᠪᠤᠳᠠᠯ ᠰᠢᠢᠳᠪᠦᠷᠢᠯᠡᠬᠦ ᠳᠤ ᠤᠳᠠᠭᠠᠨ ᠵᠢᠴᠢ ᠤᠯᠠᠨ ᠤᠳᠠᠭ᠎ᠠ ᠭᠦᠶᠦᠬᠦ ᠵᠡᠷᠭᠡ ᠬᠦᠴᠢᠷ ᠠᠰᠠᠭᠤᠳᠠᠯ ᠤᠳ ᠢ ᠰᠠᠶᠢᠲᠤᠷ ᠰᠢᠢᠳᠪᠦᠷᠢᠯᠡᠨ᠂ ᠳᠥᠭᠦᠮ ᠳᠥᠲᠡ ᠥᠨᠳᠥᠷ ᠪᠦᠲᠦᠮᠵᠢᠲᠡᠢ ᠦᠢᠯᠡᠴᠢᠯᠡᠭᠡ ᠶᠢ ᠤᠯᠠᠨ ᠲᠦᠮᠡᠨ ᠤ ᠡᠭᠦᠳᠡᠨ ᠳᠤᠨᠢ ᠬᠦᠷᠭᠡᠪᠡ᠃      ᠬᠥᠯ ᠭᠠᠷ ᠨᠢ ᠳᠥᠭᠦᠮ ᠦᠭᠡᠢ᠂ ᠶᠠᠪᠤᠵᠤ ᠰᠠᠭᠤᠬᠤ ᠳᠤ ᠬᠦᠴᠢᠷᠲᠡᠢ 53 ᠨᠠᠰᠤᠲᠠᠢ ᠴᠢ ᠵᠢᠶᠦ᠋ᠨ ᠱᠧᠩ ᠬᠥᠳᠡᠭᠡ ᠭᠡᠷ ᠲᠡᠭᠡᠨ ᠰᠠᠭᠤᠵᠤ᠂ ᠦᠷ᠎ᠡ ᠬᠡᠦᠬᠡᠳ ᠨᠢ ᠴᠤ ᠬᠠᠵᠠᠭᠤ ᠳᠤᠨᠢ ᠪᠠᠶᠢᠳᠠᠭ ᠦᠭᠡᠢ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠳᠠᠭᠢᠵᠤ ᠰᠢᠨ᠎ᠡ ᠪᠠᠷ ᠭᠦᠢᠴᠡᠳᠬᠡᠬᠦ ᠴᠢᠬᠤᠯᠠᠲᠠᠢ ᠪᠣᠯᠣᠭᠰᠠᠨ ᠪᠣᠯᠪᠠᠴᠤ ᠥᠰᠥᠭ ᠲᠠᠨᠢᠬᠤ ᠦᠭᠡᠢ ᠮᠥᠷᠲᠡᠭᠡᠨ ᠭᠦᠢᠴᠡᠳᠬᠡᠬᠦ ᠠᠯᠬᠤᠮ ᠳᠠᠷᠠᠭ᠎ᠠ ᠶᠢ ᠴᠤ ᠮᠡᠳᠡᠬᠦ ᠦᠭᠡᠢ ᠠᠴᠠ ᠶᠡᠭᠡ ᠰᠠᠨᠳᠤᠷᠴᠤ ᠪᠠᠴᠢᠮᠳᠠᠨ᠂ ᠳᠣᠷᠣᠭᠰᠢ ᠪᠠᠭᠤᠭᠰᠠᠨ ᠺᠠᠳ᠋ᠷᠴᠤᠳ ᠲᠤ ᠤᠲᠠᠰᠤᠳᠠᠵᠤ ᠬᠦᠴᠢᠷᠳᠡᠯ ᠢᠶᠠᠨ ᠬᠡᠯᠡᠭᠰᠡᠨ ᠳᠤ ᠣᠯᠠᠨ ᠨᠣᠬᠠᠢ ᠶᠢᠨ ᠴᠢᠷᠭ᠎ᠠ ᠲᠣᠰᠬᠤᠨ ᠤ ᠳᠣᠷᠣᠭᠰᠢ ᠪᠠᠭᠤᠭᠰᠠᠨ ᠺᠠᠳ᠋ᠷᠴᠤᠳ ᠤᠲᠠᠰᠤ ᠶᠢ ᠲᠣᠰᠣᠮᠠᠭᠴᠠ ᠲᠡᠷᠡ ᠳᠠᠷᠤᠢ ᠳᠤᠨᠢ ᠭᠡᠷ ᠲᠤᠨᠢ ᠬᠦᠷᠴᠦ᠂ ᠴᠢ ᠵᠢᠶᠦ᠋ᠨ ᠱᠧᠩ ᠢ ᠬᠠᠪᠰᠤᠷᠤᠨ ᠨᠡᠶᠢᠭᠡᠮ ᠤᠨ ᠳᠠᠭᠠᠳᠬᠠᠯ ᠤᠨ ᠺᠠᠷᠲ ᠢ ᠨᠢ ᠭᠦᠢᠴᠡᠳᠬᠡᠵᠦ ᠥᠭᠪᠡ᠃ ᠨᠠᠰᠤᠲᠠᠨ ᠶᠡᠬᠡᠳᠡ ᠰᠡᠳᠬᠢᠯ ᠬᠥᠳᠡᠯᠦᠨ᠂ ︽ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ︾ ᠦᠢᠯᠡᠴᠢᠯᠡᠭᠡ ᠨᠢ ᠣᠯᠠᠨ ᠲᠦᠮᠡᠨ ᠳᠤ ᠦᠨᠡᠨᠬᠦ ᠳᠥᠭᠦᠮ ᠦᠵᠡᠭᠦᠯᠵᠦ ᠪᠠᠶᠢᠨ᠎ᠠ᠂ ᠣᠲᠣ ᠨᠥᠬᠦᠪᠦᠷᠢ ᠮᠥᠩᠭᠦ ᠣᠯᠬᠤ ᠠᠰᠠᠭᠤᠳᠠᠯ ᠤᠨ ᠲᠥᠯᠥᠭᠡ ᠰᠠᠨᠠᠭ᠎ᠠ ᠵᠣᠪᠠᠭ᠋ᠤ ᠬᠡᠷᠡᠭ ᠦᠭᠡᠢ ᠪᠣᠯᠣᠯ᠎ᠠ ᠭᠡᠵᠦ ᠬᠡᠯᠡᠨ᠎ᠡ᠃      ᠴᠢ ᠫᠠᠨ ᠵᠢᠩ ᠪᠠᠯᠭᠠᠰᠤᠨ ᠤ ᠬᠡᠷᠡᠭᠵᠢᠭᠦᠯᠦᠭᠰᠡᠨ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ︾ ᠨᠢ ︽ᠣᠯᠠᠨ ᠲᠦᠮᠡᠨ ᠤ ᠬᠡᠷᠡᠭᠴᠡᠭᠡ ᠬᠠᠮᠢᠭ᠎ᠠ ᠪᠠᠶᠢᠪᠠᠯ᠂ ᠦᠢᠯᠡᠴᠢᠯᠡᠭᠡ ᠶᠢ ᠲᠡᠨᠳᠡ ᠬᠦᠷᠭᠡᠬᠦ︾ ᠵᠠᠷᠴᠢᠮ ᠢ ᠢᠮᠠᠭᠲᠠ ᠪᠠᠷᠢᠮᠲᠠᠯᠠᠵᠤ᠂ ᠠᠵᠢᠯ ᠣᠯᠬᠤ ᠳᠤ ᠬᠦᠴᠢᠷᠲᠡᠢ ᠪᠠᠶᠢᠬᠤ ᠶᠢ ᠭᠡᠷᠡᠴᠢᠯᠡᠬᠦ᠂ ᠨᠡᠶᠢᠭᠡᠮ ᠤᠨ ᠪᠠᠲᠤᠯᠠᠭ᠎ᠠ ᠶᠢᠨ ᠺᠠᠷᠲ ᠬᠢᠯᠭᠡᠬᠦ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠭᠤᠶᠤᠴᠢᠯᠠᠬᠤ᠂ ᠤᠰᠤ ᠠᠪᠬᠤ ᠦᠨᠡᠮᠯᠡᠯ ᠬᠢᠯᠭᠡᠬᠦ᠂ ᠡᠮᠴᠢᠯᠡᠭᠡᠨ ᠤ ᠠᠪᠤᠷᠠᠨ ᠲᠤᠰᠠᠯᠠᠯᠲᠠ ᠭᠤᠶᠤᠴᠢᠯᠠᠬᠤ ᠵᠡᠷᠭᠡ ᠣᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠣᠯᠠᠨᠲᠠ ᠭᠦᠢᠴᠡᠳᠬᠡᠬᠦ ᠤᠴᠢᠷ ᠶᠠᠪᠤᠳᠠᠯ ᠢ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠤᠭᠰᠠᠨ ᠪᠠᠶᠢᠨ᠎ᠠ᠃ ᠶᠠᠪᠤᠵᠤ ᠰᠠᠭᠤᠬᠤ ᠳᠤ ᠳᠥᠭᠦᠮ ᠦᠭᠡᠢ ᠨᠠᠰᠤᠲᠠᠶᠢᠴᠤᠳ᠂ ᠵᠡᠮᠳᠡᠭᠴᠦᠳ ᠵᠡᠷᠭᠡ ᠬᠦᠮᠦᠰ ᠲᠤ ᠵᠣᠷᠢᠭᠤᠯᠤᠨ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠦᠢᠯᠡᠴᠢᠯᠡᠨ᠂ ︽ᠤᠯᠠᠨ ᠲᠦᠮᠡᠨ ᠬᠡᠷᠡᠭᠴᠡᠭᠡ ᠱᠠᠭᠠᠷᠳᠠᠯᠭ᠎ᠠ ᠪᠠᠨ ᠬᠡᠯᠡᠪᠡᠯ᠂ ᠺᠠᠳ᠋ᠷᠴᠤᠳ ᠭᠦᠶᠦᠬᠦ︾  ᠶᠢ ᠦᠨᠡᠨᠬᠦ ᠪᠡᠶᠡᠯᠡᠭᠦᠯᠪᠡ᠃ ᠡᠭᠦᠨ ᠤ ᠬᠠᠮᠲᠤ᠂ ︽ᠨᠢᠭᠤᠷᠳᠠᠨ ᠦᠢᠯᠡᠴᠢᠯᠡᠬᠦ ᠬᠤᠶᠠᠷ ᠬᠡᠮᠵᠢᠯᠲᠦ ᠺᠣᠳ᠋︾ ᠤᠨ ᠲᠠᠪᠴᠠᠩ ᠢ ᠭᠦᠢᠴᠡᠳ ᠠᠰᠢᠭᠯᠠᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠸᠢᠴᠠᠲ ᠤᠨ ᠵᠢᠵᠢᠭ ᠫᠷᠣᠭ᠍ᠷᠠᠮ ᠵᠡᠷᠭᠡ ᠰᠦᠯᠵᠢᠶᠡᠨ ᠳᠡᠭᠡᠷᠡᠬᠢ ᠠᠷᠭ᠎ᠠ ᠵᠠᠮ ᠢᠶᠠᠷ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠭᠦᠢᠴᠡᠳᠬᠡᠬᠦ ᠠᠬᠢᠴᠠ ᠶᠢ ᠪᠠᠶᠢᠴᠠᠭᠠᠨ ᠯᠠᠪᠯᠠᠬᠤ ᠵᠢᠴᠢ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠶᠢ ᠭᠤᠶᠤᠴᠢᠯᠠᠬᠤ ᠵᠡᠷᠭᠡ ᠠᠵᠢᠯ ᠢ ᠶᠠᠪᠤᠭᠳᠠᠭᠤᠯᠵᠤ᠂ ︽ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠬᠠᠷᠠᠯᠲᠠ ᠶᠢ ᠪᠡᠶᠡᠯᠡᠭᠦᠯᠪᠡ᠃      ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡ ᠶᠢ ᠬᠡᠷᠡᠭᠵᠢᠭᠦᠯᠦᠭᠰᠡᠨ ᠨᠢ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠲᠥᠬᠦᠮ ᠦᠵᠡᠭᠦᠯᠦᠭᠰᠡᠨ ᠢᠶᠠᠷ ᠪᠠᠷᠠᠬᠤ ᠦᠭᠡᠢ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠴᠤ ᠣᠶᠢᠷᠠᠲᠤᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃ ᠣᠯᠠᠨ ᠨᠣᠬᠠᠢ ᠶᠢᠨ ᠴᠢᠷᠭ᠎ᠠ ᠲᠣᠰᠬᠤᠨ ᠤ ᠳᠣᠷᠣᠭᠰᠢ ᠪᠠᠭᠤᠭᠰᠠᠨ ᠺᠠᠳ᠋ᠷᠴᠤᠳ ᠡᠮᠦᠨ᠎ᠡ ᠹᠷᠣᠨᠲ ᠲᠤ ᠦᠢᠯᠡᠴᠢᠯᠡᠬᠦ᠂ ᠳᠣᠲᠣᠨᠣ ᠬᠠᠯᠠᠮᠵᠢᠯᠠᠬᠤ ᠪᠠ ᠥᠨᠳᠥᠷ ᠪᠦᠲᠦᠮᠵᠢᠲᠡᠶ ᠪᠠᠷ ᠬᠡᠷᠡᠭᠵᠢᠭᠦᠯᠬᠦ ᠳᠡᠭᠡᠨ ᠲᠦᠰᠢᠭᠯᠡᠨ᠂ ᠳᠤᠯᠠᠭᠠᠴᠠ ᠲᠠᠢ ᠪᠥᠭᠡᠳ ᠬᠤᠷᠳᠤᠴᠠ ᠲᠠᠢ ᠦᠢᠯᠡᠴᠢᠯᠡᠭᠡᠨ ᠤ ᠨᠡᠷᠡᠲᠦ ᠲᠡᠮᠳᠡᠭ ᠢ ᠡᠭᠦᠳᠴᠦ᠂ ᠣᠯᠠᠨ ᠲᠦᠮᠡᠨ ᠤ ᠬᠦᠴᠢᠷ ᠵᠣᠪᠠᠭᠤᠷᠢ ᠶᠢ ᠦᠨᠡᠨᠬᠦ ᠰᠢᠢᠳᠪᠦᠷᠢᠯᠡᠨ᠂ ᠣᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠭᠰᠡᠨ ᠪᠠᠶᠢᠨ᠎ᠠ᠃  
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ