ᠤᠷᠢᠬᠠᠨ ᠰᠠᠯᠬᠢ ᠡᠬᠡ ᠳᠡᠯᠡᠬᠡᠢ ᠶᠢ ᠢᠯᠪᠢᠨ᠂ ᠲᠦᠮᠡᠨ ᠪᠣᠳᠠᠰ ᠠᠮᠢᠯᠠᠨ ᠰᠡᠷᠭᠦᠵᠦ ᠪᠠᠶᠢᠭ᠎ᠠ ᠡᠨᠡ ᠰᠠᠶᠢᠬᠠᠨ ᠮᠥᠴᠡ ᠳᠤ᠂ ᠪᠢᠳᠡ ᠵᠢᠯ ᠳᠤ ᠨᠢᠭᠡ | ᠶᠠᠪᠤᠭᠳᠠᠳᠠᠭ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠤᠭᠲᠤᠨ ᠠᠪᠴᠢᠷᠠᠯ᠎ᠠ᠃ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠭᠤᠷᠣᠨᠳᠣᠬᠢ ᠨᠢᠭᠲᠠᠷᠠᠯ ᠤᠨ | ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠪᠦᠯᠬᠦᠮᠳᠡᠯ ᠢ ᠠᠬᠢᠭᠤᠯᠬᠤ ᠶᠢᠨ ᠲᠥᠯᠥᠭᠡ᠂ ᠮᠸᠡᠭ ᠰᠢ | ᠨᠡᠶᠢᠭᠡᠮ ᠲᠣᠭᠤᠷᠢᠭ ᠤᠨ ᠬᠢᠨ 3 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ ︽ᠡᠮᠡᠭᠲᠡᠶᠢᠴᠦᠳ ᠬᠠᠮᠲᠤᠪᠠᠷ ᠭᠤᠷᠪᠠᠨ ᠰᠠᠷ᠎ᠠ ᠶᠢᠨ ᠨᠠᠢᠮᠠᠨ ᠤ | ᠡᠮᠡᠭᠲᠡᠶᠢᠴᠦᠳ ᠤᠨ ᠪᠠᠶᠠᠷ ᠢ ᠪᠡᠯᠭᠡᠯᠡᠬᠦ︾ ᠭᠤᠣᠯ ᠰᠡᠳᠦᠪᠲᠦ ᠰᠢᠷᠢᠰ ᠠᠵᠢᠯᠯᠠᠭ᠎ᠠ ᠥᠷᠨᠢᠭᠦᠯᠪᠡ᠃ | ᠶᠠᠭᠤᠨ ᠤ ᠡᠮᠦᠨ᠎ᠡ᠂ ᠭᠤᠷᠪᠠᠨ ᠰᠠᠷ᠎ᠠ ᠶᠢᠨ ᠨᠠᠢᠮᠠᠨ ᠤ ᠡᠮᠡᠭᠲᠡᠶᠢᠴᠦᠳ ᠤᠨ ᠪᠠᠶᠠᠷ ᠤᠨ ᠬᠥᠬᠢᠭᠦᠯᠦᠨ ᠰᠠᠶᠢᠰᠢᠶᠠᠬᠤ ᠬᠤᠷᠠᠯ ᠢ ᠬᠤᠷᠠᠯᠳᠤᠪᠠ᠃ ᠨᠡᠶᠢᠭᠡᠮ | ᠲᠣᠭᠤᠷᠢᠭ ᠤᠨ ᠤᠳᠤᠷᠢᠳᠤᠯᠭ᠎ᠠ ᠪᠠᠶᠠᠷ ᠤᠨ ᠦᠭᠡ ᠶᠠᠷᠢᠵᠤ᠂ ᠪᠥᠬᠦ ᠡᠮᠡᠭᠲᠡᠢ ᠰᠠᠭᠤᠭᠠᠯᠢ ᠠᠷᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠦᠨ᠂ ᠡᠮᠡᠭᠲᠡᠶᠢᠴᠦᠳ ᠤᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠭᠡᠷ ᠪᠦᠯᠢ ᠶᠢᠨ ᠠᠮᠢᠳᠤᠷᠠᠯ ᠵᠡᠷᠭᠡ ᠡᠯ᠎ᠡ ᠲᠠᠯ᠎ᠠ ᠳᠤ | ᠦᠵᠡᠭᠦᠯᠦᠭᠰᠡᠨ ᠴᠢᠬᠤᠯᠠ ᠦᠢᠯᠡᠳᠦᠯ ᠢ ᠭᠦᠢᠴᠡᠳ ᠨᠤᠲᠠᠯᠠᠪᠠ᠃ ᠳᠠᠷᠠᠭ᠎ᠠ ᠳᠤᠨᠢ ︽ᠨᠡᠶᠢᠲᠡ ᠶᠢᠨ ᠠᠰᠠᠷᠠᠮᠵᠢ ᠶᠢᠨ ᠰᠠᠷᠭᠠᠢ ᠱᠠᠩᠨᠠᠯ︾᠂ ︽ᠭᠡᠷ ᠣᠷᠣᠨ ᠤ ᠨᠡᠷᠡᠨ | ᠬᠤᠸᠠᠷ ᠱᠠᠩᠨᠠᠯ︾᠂ ︽ᠤᠬᠠᠭᠠᠯᠢᠭ ᠪᠦᠰᠡᠭᠦᠢ ᠶᠢᠨ ᠱᠠᠩᠨᠠᠯ︾᠂ ︽ᠭᠠᠷᠮᠠᠭᠠᠢ ᠬᠤᠪᠢ ᠨᠡᠮᠡᠷᠢ ᠶᠢᠨ ᠱᠠᠩᠨᠠᠯ︾ ᠵᠡᠷᠭᠡ ᠤᠯᠠᠨ ᠱᠠᠩᠨᠠᠯ ᠢ ᠭᠠᠷᠳᠠᠭᠤᠯᠵᠠᠢ᠃ | ᠱᠠᠩᠨᠠᠯ ᠬᠦᠷᠲᠡᠭᠰᠡᠳ ᠲᠤ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠳᠣ ᠬᠤᠭᠤᠴᠠᠭ᠎ᠠ ᠪᠠᠷ ᠣᠷᠣᠯᠴᠠᠵᠤ᠂ ᠥᠷᠥᠭᠡᠯ ᠪᠤᠰᠤᠳ ᠢ | ᠡᠨᠡᠷᠢᠩᠭᠦᠢ ᠬᠠᠶᠢᠷ᠎ᠠ ᠪᠠᠷ ᠢᠶᠠᠨ ᠳᠤᠯᠠᠭᠠᠴᠠᠭᠤᠯᠤᠭᠴᠢ᠂ ᠠᠷᠤ ᠭᠡᠷ ᠲᠡᠭᠡᠨ ᠠᠯᠢᠪᠠ ᠪᠠᠨ ᠵᠣᠷᠢᠭᠤᠯᠵᠤ᠂ ᠬᠠᠨᠢ ᠨᠥᠬᠦᠷ ᠢᠶᠠᠨ ᠳᠡᠮᠵᠢᠵᠦ ᠲᠤᠰᠠᠯᠠᠭᠴᠢ ᠪᠤᠶᠤ | ᠠᠵᠢᠯ ᠤᠨ ᠪᠠᠶᠢᠷᠢ ᠳᠡᠭᠡᠷ᠎ᠡ ᠪᠠᠨ ᠡᠷᠡᠯᠬᠡᠭᠯᠡᠨ ᠲᠡᠮᠡᠴᠡᠵᠦ᠂ ᠰᠢᠯᠢᠳᠡᠭ ᠬᠢᠷᠢ ᠪᠦᠲᠦᠮᠵᠢ ᠣᠯᠣᠭᠴᠢ ᠵᠡᠷᠭᠡ ᠠᠳᠠᠯᠢ ᠪᠤᠰᠤ ᠠᠵᠢᠯ ᠲᠥᠷᠥᠯ ᠪᠠ ᠨᠠᠰᠤ ᠵᠢᠯ ᠤᠨ | ᠭᠠᠷᠮᠠᠭᠠᠢ ᠡᠮᠡᠭᠲᠡᠶᠢᠴᠦᠳ ᠪᠠᠶᠢᠯ᠎ᠠ᠃ ᠲᠡᠳᠡᠨ ᠤ ᠦᠶᠯᠡ ᠠᠵᠢᠯᠯᠠᠭ᠎ᠠ ᠨᠢ ᠲᠤᠬᠠᠢ ᠶᠢᠨ ᠲᠠᠯᠠᠪᠤᠷ ᠲᠤ ᠪᠠᠶᠢᠭᠰᠠᠨ ᠳᠠᠶᠠᠭᠠᠷ ᠣᠯᠠᠨ ᠢ ᠨᠥᠯᠥᠭᠡᠯᠡᠵᠦ᠂ ᠣᠯᠠᠨ ᠤ | ᠰᠤᠷᠤᠯᠴᠠᠬᠤ ᠳᠠᠭᠤᠷᠢᠶᠠᠯ ᠪᠣᠯᠤᠭᠰᠠᠨ ᠪᠥᠭᠡᠳ ᠨᠠᠩ ᠣᠯᠠᠨ ᠡᠮᠡᠭᠲᠡᠶᠢᠴᠦᠳ ᠤᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ | ᠣᠷᠣᠯᠴᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠤᠭᠰᠠᠨ ᠪᠠᠶᠢᠨ᠎ᠠ᠃ | ᠬᠥᠬᠢᠭᠦᠯᠦᠨ ᠰᠠᠶᠢᠰᠢᠶᠠᠬᠤ ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂ ᠰᠣᠨᠢᠷᠬᠠᠯᠲᠤ ᠠᠵᠢᠯᠯᠠᠭ᠎ᠠ ᠡᠬᠢᠯᠡᠨ᠂ ᠲᠤᠬᠠᠢ ᠶᠢᠨ ᠲᠠᠯᠠᠪᠠᠢ ᠬᠥᠷ ᠨᠠᠷᠭᠢᠶᠠᠨ ᠢᠶᠠᠷ | ᠳᠦᠭᠦᠷᠴᠦ᠂ ᠪᠠᠶᠠᠯᠢᠭ ᠠᠭᠤᠯᠭ᠎ᠠ ᠲᠠᠢ ᠲᠦᠷᠦᠯ ᠵᠦᠢᠯ ᠨᠢ ᠰᠠᠭᠤᠭᠠᠯᠢ ᠠᠷᠠᠳ ᠤᠳ ᠤᠨ ᠰᠣᠨᠢᠷᠬᠠᠯ ᠢ ᠲᠠᠲᠠᠨ᠂ ᠢᠳᠡᠪᠬᠢᠲᠡᠢ ᠣᠷᠣᠯᠴᠠᠵᠠᠭᠠᠨᠠ᠃ ᠣᠶᠤᠨ | ᠤᠬᠠᠭᠠᠨ ᠪᠠ ᠲᠡᠰᠪᠦᠷᠢ ᠲᠡᠪᠴᠢᠶᠡᠷᠢ ᠶᠢ ᠰᠢᠯᠭᠠᠬᠤ ᠵᠢᠷᠤᠭ ᠵᠦᠢᠬᠦ ᠤᠷᠤᠯᠳᠤᠭᠠᠨ ᠠᠴᠠ ᠰᠣᠨᠢᠷᠬᠠᠯ ᠪᠠ ᠥᠷᠢᠰᠦᠯᠳᠦᠭᠡᠨ ᠢᠶᠠᠷ ᠳᠦᠭᠦᠷᠡᠩ ᠬᠤᠪᠢᠩ ᠰᠢᠳᠡᠬᠦ᠂ | ᠰᠣᠨᠢᠷᠬᠠᠯᠳᠤ ᠳᠡᠭᠡᠰᠦ ᠦᠰᠦᠷᠬᠦ᠂ ᠪᠤᠤᠯᠢᠩ ᠪᠥᠮᠪᠦᠭᠡ ᠰᠢᠳᠡᠬᠦ ᠤᠷᠤᠯᠳᠤᠭᠠᠨ ᠬᠦᠷᠲᠡᠯ᠎ᠡ᠂ ᠤᠷᠤᠯᠳᠤᠭᠠᠨ ᠨᠢᠭᠡᠪᠦᠷᠢ ᠶᠢ ᠴᠥᠮ ᠥᠪᠡᠷᠮᠢᠴᠡ ᠠᠪᠢᠶᠠᠰ ᠲᠠᠢ | ᠵᠢᠷᠤᠵᠤ ᠲᠥᠯᠥᠪᠯᠡᠨ᠂ ᠰᠣᠨᠢᠷᠬᠠᠯᠲᠠᠢ ᠪᠥᠭᠡᠳ ᠵᠣᠬᠢᠬᠤ ᠬᠡᠮᠵᠢᠶᠡᠨ ᠤ ᠥᠷᠢᠰᠦᠯᠳᠦᠭᠡᠨ ᠲᠠᠢ ᠪᠠᠶᠢᠯ᠎ᠠ᠃ ᠴᠠᠭᠠᠰᠤᠨ ᠴᠣᠮᠣ ᠥᠷᠥᠬᠦ ᠪᠠ ᠲᠡᠩᠴᠡᠭᠦᠷᠢ ᠶᠢ ᠰᠢᠯᠭᠠᠬᠤ | ᠤᠷᠤᠯᠳᠤᠭᠠᠨ ᠳᠤ ᠣᠷᠣᠯᠴᠠᠭᠰᠠᠳ ᠪᠥᠬᠦ ᠠᠩᠬᠠᠷᠤᠯ ᠢᠶᠠᠨ ᠲᠥᠪᠯᠡᠷᠡᠭᠦᠯᠵᠦ᠂ ᠭᠠᠷ ᠲᠠᠬᠢ ᠪᠣᠳᠠᠰ ᠢᠶᠠᠨ ᠡᠵᠡᠮᠳᠡᠨ᠂ ᠠᠯᠢ ᠲᠦᠷᠭᠡᠨ ᠢᠶᠠᠷ ᠡᠭᠦᠷᠭᠡ ᠪᠠᠨ | ᠪᠡᠶᠡᠯᠡᠭᠦᠯᠬᠦ ᠪᠠᠷ ᠴᠢᠷᠮᠠᠶᠢᠵᠤ᠂ ᠭᠠᠷ ᠨᠢᠳᠦ ᠪᠠᠨ ᠵᠣᠬᠢᠴᠠᠭᠤᠯᠬᠤ ᠴᠢᠳᠠᠪᠤᠷᠢ ᠪᠠᠨ ᠢᠯᠡᠷᠡᠭᠦᠯᠦᠭᠰᠡᠨ ᠪᠠᠶᠢᠨ᠎ᠠ᠃ ᠲᠡᠪᠡᠭ ᠰᠢᠳᠡᠬᠦ ᠪᠠ ᠣᠷᠣᠨ ᠳᠠᠭᠠᠨ ᠠᠯᠬᠤᠬᠤ | ᠤᠷᠤᠯᠳᠤᠭᠠᠨ ᠳᠤ ᠣᠯᠠᠨ ᠢᠶᠠᠷ ᠢᠶᠠᠨ ᠬᠠᠷᠢᠯᠴᠠᠨ ᠬᠠᠮᠵᠢᠯᠴᠠᠵᠤ᠂ ᠬᠠᠷᠢᠯᠴᠠᠨ ᠵᠣᠷᠢᠭᠵᠢᠭᠤᠯᠤᠨ᠂ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠶᠢ ᠭᠦᠢᠴᠡᠳ | ᠪᠠᠳᠠᠷᠠᠭᠤᠯᠵᠤ᠂ ᠲᠤᠬᠠᠢ ᠶᠢᠨ ᠲᠠᠯᠠᠪᠤᠷ ᠲᠤ ᠤᠤᠬᠠᠢ ᠶᠢᠨ ᠳᠠᠭᠤᠨ ᠳᠠᠭᠤᠷᠢᠰᠤᠨ᠂ ᠪᠠᠶᠠᠷ ᠢᠨᠢᠶᠡᠳᠦ ᠪᠠᠷ ᠪᠢᠯᠬᠠᠵᠤ ᠪᠠᠶᠢᠯ᠎ᠠ᠃ | ᠣᠨᠴᠠᠭᠠᠶ ᠲᠣᠬᠢᠷᠠᠭᠤᠯᠤᠭᠰᠠᠨ ︽ᠲᠠᠮᠠᠭ᠎ᠠ ᠴᠤᠭᠯᠠᠭᠤᠯᠵᠤ ᠴᠡᠴᠡᠭ ᠰᠣᠯᠢᠬᠤ︾ ᠭᠤᠭᠴᠤᠭ᠎ᠠ ᠪᠣᠯ ᠲᠣᠰ ᠤᠳᠠᠭᠠᠨ ᠤ ᠠᠵᠢᠯᠯᠠᠭ᠎ᠠ ᠶᠢᠨ ᠨᠢᠭᠡ ᠶᠡᠭᠡ ᠬᠢᠯᠠᠰ | ᠴᠡᠭ ᠪᠣᠯᠣᠨ᠎ᠠ᠂ ᠤᠷᠤᠯᠳᠤᠭᠠᠨ ᠳᠤ ᠣᠷᠣᠯᠴᠠᠭᠰᠠᠳ ᠪᠦᠬᠦ ᠠᠵᠢᠯᠯᠠᠭ᠎ᠠ ᠳᠤ ᠣᠷᠣᠯᠴᠠᠵᠤ᠂ ᠨᠢᠭᠡ ᠵᠦᠢᠯ ᠢ ᠠᠮᠵᠢᠯᠲᠠ ᠲᠠᠢ ᠪᠡᠶᠡᠯᠡᠭᠦᠯᠪᠡᠯ ᠨᠢᠭᠡ ᠲᠠᠮᠠᠭ᠎ᠠ ᠣᠯᠵᠦ᠂ | ᠪᠣᠶ ᠪᠦᠬᠦᠢ ᠲᠠᠮᠠᠭ᠎ᠠ ᠶᠢ ᠣᠯᠣᠭᠰᠠᠨ ᠤ ᠳᠠᠷᠠᠭ᠎ᠠ᠂ ᠵᠣᠭᠤᠰ ᠰᠣᠯᠢᠬᠤ ᠲᠣᠭᠤᠷᠢᠭ ᠲᠤ ᠣᠴᠢᠨ᠂ ᠨᠡᠶᠢᠭᠡᠮ ᠲᠣᠭᠤᠷᠢᠭ ᠤᠨ ᠠᠵᠢᠯᠲᠠᠨ ᠤ ᠨᠢᠮᠪᠠᠢ ᠰᠠᠶᠢᠬᠠᠨ ᠬᠢᠭᠰᠡᠨ | ᠰᠣᠷᠭᠤᠭ ᠴᠡᠴᠡᠭ ᠢ ᠠᠪᠤᠨ᠎ᠠ᠂ ᠡᠳᠡᠭᠡᠷ ᠴᠡᠴᠡᠭ ᠨᠢ ᠥᠩᠭᠡ ᠢᠯᠭᠠᠷᠠᠨ᠂ ᠬᠡᠯᠪᠡᠷᠢ ᠳᠦᠷᠰᠦ ᠨᠢ ᠴᠤ ᠣᠯᠠᠨ ᠶᠠᠩᠵᠤ ᠶᠢᠨ ᠬᠢ ᠪᠠᠶᠢᠵᠦ᠂ ᠡᠮᠡᠭᠲᠡᠶᠢᠴᠦᠳ ᠤᠨ | ᠭᠤᠸ᠎ᠠ ᠰᠠᠶᠢᠬᠠᠨ ᠪᠠ ᠬᠠᠳᠠᠨ ᠵᠣᠷᠢᠭ ᠢ ᠪᠡᠯᠭᠡᠳᠡᠭᠰᠡᠨ ᠪᠥᠭᠡᠳ ᠠᠮᠢᠳᠤᠷᠠᠯ ᠨᠢ ᠰᠣᠷᠭᠤᠭ ᠴᠡᠴᠡᠭ ᠮᠡᠲᠦ ᠦᠵᠡᠰᠬᠦᠯᠡᠩᠲᠦ ᠰᠠᠶᠢᠬᠠᠨ᠂ ᠵᠣᠯ ᠵᠢᠷᠭᠠᠯᠲᠠᠢ | ᠪᠠᠶᠢᠬᠤ ᠶᠢ ᠪᠡᠯᠭᠡᠳᠡᠵᠡᠢ᠃ | ᠡᠨᠡ ᠤᠳᠠᠭ᠎ᠠ ᠶᠢᠨ ᠭᠤᠣᠯ ᠰᠡᠳᠦᠪᠲᠦ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠡ ᠨᠢ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠬᠠᠯᠠᠭᠤᠨ ᠢᠶᠠᠷ | ᠪᠡᠯᠭᠡᠯᠡᠵᠦ ᠪᠠᠶᠢᠭ᠎ᠠ ᠶᠠᠪᠤᠳᠠᠯ ᠪᠣᠯᠣᠨ᠎ᠠ᠃ ᠬᠤᠶᠢᠰᠢᠳᠠ᠂ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠲᠤ ᠦᠢᠯᠡᠴᠢᠯᠡᠬᠦ ᠵᠣᠷᠢᠯᠲᠠ ᠪᠠᠨ ᠦᠷᠭᠦᠯᠵᠢᠯᠡᠨ | ᠪᠠᠷᠢᠮᠲᠠᠯᠠᠵᠤ᠂ ᠨᠠᠩ ᠣᠯᠠᠨ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠡᠷᠬᠢᠯᠡᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠶᠤᠨ ᠰᠠᠨᠠᠭ᠎ᠠ | ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠰᠣᠯᠢᠯᠴᠠᠭ᠎ᠠ ᠪᠠ ᠠᠭᠤᠰᠤᠯᠴᠠᠯ ᠢ ᠠᠬᠢᠭᠤᠯᠤᠨ᠂ | ᠰᠠᠭᠤᠭᠠᠯᠢ ᠠᠷᠠᠳ ᠨᠢᠭᠡᠪᠦᠷᠢ ᠨᠡᠶᠢᠭᠡᠮ ᠲᠣᠭᠤᠷᠢᠭ ᠭᠡᠬᠦ ᠡᠨᠡ ᠬᠦ ᠶᠡᠭᠡ ᠭᠡᠷ ᠪᠦᠯᠢ ᠠᠴᠠ ᠬᠠᠷᠢᠶᠠᠯᠠᠭᠳᠠᠬᠤ ᠲᠥᠷᠥᠭᠳᠡᠯ ᠪᠠ ᠵᠢᠷᠭᠠᠯᠲᠤ ᠲᠦᠷᠦᠭᠳᠡᠯ ᠢᠶᠠᠨ | ᠣᠯᠬᠤ ᠶᠢ ᠪᠠᠲᠤᠯᠠᠨ᠎ᠠ᠃ | | | | |