ᠴᠢ ᠫᠠᠨ ᠵᠢᠩ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠬᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2025/3/11
      115 ᠳ᠋ᠤᠭᠠᠷ ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠤᠨ ᠡᠳᠦᠷ ᠢ ᠪᠡᠯᠭᠡᠯᠡᠬᠦ ᠶᠢᠨ ᠲᠥᠯᠥᠭᠡ᠂ ᠴᠢ ᠫᠠᠨ ᠵᠢᠩ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠬᠢᠨ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠴᠤᠭ ᠵᠢᠪᠬᠤᠭ᠎ᠠ ᠶᠢ ᠳᠡᠯᠭᠡᠨ ᠦᠵᠡᠭᠦᠯᠵᠦ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠴᠢᠩᠭᠠᠷᠠᠭᠤᠯᠤᠨ᠂ ᠡᠮᠡᠭᠲᠡᠶᠢᠴᠦᠳ ᠢ ᠬᠦᠨᠳᠦᠳᠬᠡᠬᠦ᠂ ᠡᠮᠡᠭᠲᠡᠶᠢᠴᠦᠳ ᠢ ᠬᠠᠶᠢᠷᠠᠯᠠᠨ ᠬᠠᠯᠠᠮᠵᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠯᠠᠨ ᠶᠠᠩᠵᠤ ᠶᠢᠨ ᠡᠯᠪᠡᠭ ᠠᠭᠤᠯᠭ᠎ᠠ ᠲᠠᠢ ᠡᠮᠡᠭᠲᠡᠶᠢᠴᠦᠳ ᠤᠨ ᠪᠠᠶᠠᠷ ᠤᠨ ᠡᠳᠦᠷ ᠤᠨ ᠰᠢᠷᠢᠰ ᠠᠵᠢᠯᠯᠠᠭ᠎ᠠ ᠶᠢ ᠨᠠᠷᠢᠨ ᠨᠢᠮᠪᠠᠢ ᠰᠡᠲᠦᠵᠦ ᠬᠢᠪᠡ᠃      ᠴᠢ ᠫᠠᠨ ᠵᠢᠩ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ       ᠡᠮᠡᠭᠲᠡᠶᠢᠴᠦᠳ ᠨᠢᠭᠡ ᠲᠠᠩᠬᠢᠮ ᠳᠤ ᠴᠤᠭᠯᠠᠷᠠᠨ᠂ ᠨᠣᠮ ᠤᠩᠰᠢᠭᠰᠠᠨ ᠣᠯᠣᠯᠲᠠ ᠪᠠᠨ ᠬᠤᠪᠢᠶᠠᠯᠴᠠᠵᠤ ᠨᠥᠬᠦᠷᠯᠡᠯ ᠢᠶᠠᠨ ᠵᠤᠵᠠᠭᠠᠳᠬᠠᠨ᠎ᠠ᠃ 3 ᠳ᠋ᠤᠭᠠᠷ ᠰᠠᠷ᠎ᠠ ᠶᠢᠨ 7 ᠤ ᠡᠳᠦᠷ᠂ ᠴᠢ ᠫᠠᠨ ᠵᠢᠩ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ︽ᠨᠣᠮ ᠤᠨ ᠴᠠᠭᠠᠨ ᠪᠤᠶᠠᠨ ᠢ ᠳᠡᠯᠭᠡᠷᠡᠭᠦᠯᠵᠦ᠂ ᠡᠮᠡᠭᠲᠡᠶᠢᠴᠦᠳ ᠰᠢᠨ᠎ᠡ ᠠᠶᠠᠨ ᠳᠠᠭᠠᠨ ᠭᠠᠪᠢᠶ᠎ᠠ ᠪᠠᠶᠢᠭᠤᠯᠬᠤ︾ ᠨᠣᠮ ᠤᠩᠰᠢᠭᠰᠠᠨ ᠣᠯᠣᠯᠲᠠ ᠪᠠᠨ ᠬᠤᠪᠢᠶᠠᠯᠴᠠᠬᠤ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠤᠯᠠᠨ ᠢᠶᠠᠷ ᠢᠶᠠᠨ ᠨᠣᠮ ᠤᠩᠰᠢᠬᠤ ᠳᠤᠮᠳᠠ ᠣᠢ ᠪᠢᠯᠢᠭ ᠢᠶᠠᠨ ᠬᠤᠷᠴᠠᠯᠠᠨ᠂ ᠥᠪᠡᠷ ᠢ ᠪᠠᠨ ᠳᠡᠭᠡᠭᠰᠢᠯᠡᠭᠦᠯᠵᠦ᠂ ᠬᠠᠯᠠᠭᠤᠨ ᠳᠤᠯᠠᠭᠠᠨ ᠪᠥᠭᠡᠳ ᠤᠳᠬ᠎ᠠ ᠠᠭᠤᠯᠭ᠎ᠠ ᠲᠠᠢ ᠪᠠᠶᠠᠷ ᠤᠨ ᠡᠳᠦᠷ ᠢ ᠬᠠᠮᠲᠤᠪᠠᠷ ᠥᠩᠭᠡᠷᠡᠭᠦᠯᠪᠡ᠃      ᠰᠢᠨ ᠰᠢᠨ ᠨᠡᠶᠢᠭᠡᠮ ᠲᠣᠭᠤᠷᠢᠭ       ᠰᠢᠨ ᠰᠢᠨ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠢ ᠬᠠᠮᠲᠤ ᠪᠠᠷ ᠪᠠᠶᠢᠭᠤᠯᠬᠤ ᠨᠢᠭᠡᠴᠢ ᠪᠣᠯᠬᠤ ᠴᠢ ᠫᠠᠨ ᠵᠢᠩ ᠪᠠᠯᠭᠠᠰᠤ ᠶᠢᠨ ᠬᠤᠶᠠᠳᠤᠭᠠᠷ ᠲᠣᠮᠢᠯᠠᠭᠰᠠᠨ ᠰᠠᠯᠪᠤᠷᠢ᠂ ᠳᠤᠮᠳᠠᠳᠤ ᠤᠯᠤᠰ ᠤᠨ ᠨᠡᠭᠦᠳᠡᠯ ᠬᠤᠯᠪᠣᠭᠠᠨ ᠤ ᠴᠢ ᠫᠠᠨ ᠵᠢᠩ ᠬᠤᠪᠢᠶᠠᠷᠢ ᠺᠣᠮᠫᠠᠨᠢ ᠪᠣᠯᠣᠨ ᠣᠷᠳᠣᠰ ᠬᠤᠲᠠ ᠶᠢᠨ ᠰᠢ ᠶᠢᠨ ᠤ ᠦᠯᠡᠳᠡᠪᠦᠷᠢ ᠢᠯᠴᠢ ᠪᠠᠷ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢ ᠤᠷᠢᠵᠤ ᠬᠠᠮᠲᠤ ᠪᠠᠷ ︽ᠠᠨᠠᠷ ᠤᠨ ᠦᠷ᠎ᠡ ᠮᠡᠲᠦ ᠰᠡᠳᠬᠢᠯ ᠢᠶᠠᠨ ᠨᠢᠭᠡᠳᠬᠡᠵᠦ᠂ ᠬᠠᠮᠤᠭ ᠤᠨ ᠭᠤᠶᠣ ᠰᠡᠳᠬᠢᠯ ᠢ ᠳᠤᠯᠠᠭᠠᠴᠠᠭᠤᠯᠤᠭᠴᠢ ᠪᠣᠯᠬᠤ︾ ᠡᠮᠡᠭᠲᠡᠶᠢᠴᠦᠳ ᠤᠨ ᠪᠠᠶᠠᠷ ᠤᠨ ᠡᠳᠦᠷ ᠤᠨ ᠴᠡᠴᠡᠭ ᠬᠠᠳᠬᠤᠬᠤ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠢᠳᠡᠰᠢᠨ ᠨᠣᠭᠤᠭ᠎ᠠ ᠪᠠᠨ ᠤᠷᠠᠨ ᠨᠢᠮᠪᠠᠢ ᠪᠠᠶᠢᠷᠢᠯᠠᠭᠤᠯᠵᠤ᠂ ᠢᠳᠡᠰᠢᠨ ᠨᠣᠭᠤᠭ᠎ᠠ ᠪᠠᠷ ᠴᠡᠴᠡᠭ ᠬᠢᠬᠦ ᠬᠠᠪᠤ ᠴᠡᠩᠭᠡᠯ ᠢ ᠡᠳ᠋ᠯᠡᠨ᠎ᠡ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠤᠨ ᠬᠢᠨ ᠪᠠᠰᠠ ᠬᠠᠷᠢᠶ᠎ᠠ ᠣᠷᠣᠨ ᠤ ᠪᠠᠨ ︽ᠰᠠᠶᠢᠨ ᠬᠠᠳᠠᠮ ᠡᠵᠢ︾᠂ ︽ᠰᠠᠶᠢᠨ ᠪᠡᠷᠢ︾ ᠶᠢ ᠲᠣᠬᠤᠨᠢᠭᠤᠯᠤᠭᠰᠠᠨ ᠪᠥᠭᠡᠳ ︽ᠪᠣᠯᠪᠠᠰᠤᠨ ᠭᠡᠷ ᠪᠦᠯᠢ︾ ᠪᠠ ︽ᠠᠨᠠᠷ ᠤᠨ ᠦᠷ᠎ᠡ ᠰᠠᠶᠢᠨ ᠪᠠᠭᠠᠴᠤᠳ︾ ᠢ ᠬᠥᠬᠢᠭᠦᠯᠦᠨ ᠰᠠᠶᠢᠰᠢᠶᠠᠪᠠ᠃      ᠠᠶᠢᠯ ᠨᠡᠶᠢᠭᠡᠮ ᠲᠣᠭᠤᠷᠢᠭ       ᠠᠶᠢᠯ ᠨᠡᠶᠢᠭᠡᠮ ᠲᠣᠭᠤᠷᠢᠭ ᠤᠨ ᠬᠢᠨ ᠥᠪᠥᠷ ᠮᠣᠩᠭᠤᠯ ᠤᠨ ᠵᠢᠩ ᠮᠸᠡᠭ ︵ᠣᠲᠤᠭ︶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠢ ᠤᠷᠢᠵᠤ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠴᠠᠭᠠᠵᠠ ᠶᠢᠨ ᠮᠡᠳᠡᠯᠭᠡ ᠶᠢᠨ ᠲᠠᠶᠢᠯᠤᠮᠵᠢ ᠬᠢᠯᠭᠡᠪᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠲᠠᠬᠢ ᠣᠷᠤᠭ ᠬᠤᠷᠢᠮ ᠭᠡᠷ ᠪᠦᠯᠢ ᠵᠡᠷᠭᠡ ᠡᠮᠡᠭᠲᠡᠶᠢᠴᠦᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠶᠢᠨ ᠮᠡᠳᠡᠯᠭᠡ ᠶᠢᠨ ᠲᠤᠬᠠᠢ ᠲᠠᠶᠢᠯᠤᠮᠵᠢ ᠬᠢᠵᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠡᠮᠡᠭᠲᠡᠶᠢᠴᠦᠳ ᠤᠨ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠵᠣᠷᠢᠭᠵᠢᠭᠤᠯᠪᠠ᠃ ᠳᠠᠷᠠᠭ᠎ᠠ ᠪᠠᠷ ᠨᠢ ᠪᠠᠰᠠ DIY ᠴᠡᠴᠡᠭ ᠬᠢᠬᠦ ᠠᠵᠢᠯᠯᠠᠭ᠎ᠠ ᠶᠢ ᠶᠠᠪᠤᠭᠳᠠᠭᠤᠯᠤᠨ᠂ ᠮᠤᠷᠤᠶᠢᠯᠭᠠᠬᠤ᠂ ᠣᠷᠢᠶᠠᠯᠳᠤᠭᠤᠯᠬᠤ᠂ ᠵᠠᠩᠭᠢᠳᠬᠤ ᠵᠡᠷᠭᠡ ᠶᠠᠪᠤᠴᠠ ᠪᠠᠷ ᠳᠠᠮᠵᠢᠭᠠᠳ ᠪᠠᠭᠴᠠ ᠪᠠᠭᠴᠠ ᠭᠤᠶᠤ ᠴᠡᠴᠡᠭ ᠤᠳ ᠬᠠᠷᠠᠭᠠᠨ ᠳᠤ ᠲᠣᠳᠣᠷᠠᠯ᠎ᠠ᠃      ᠬᠦ᠋ ᠶᠧ ᠨᠡᠶᠢᠭᠡᠮ ᠲᠣᠭᠤᠷᠢᠭ       ᠬᠥ᠋ ᠶᠧ ᠨᠡᠶᠢᠭᠡᠮ ᠲᠣᠭᠤᠷᠢᠭ ᠤᠨ ᠬᠢᠨ ᠣᠲᠤᠭ ᠬᠤᠰᠢᠭᠤᠨ ᠤ ᠠᠷᠠᠳ ᠤᠨ ᠬᠤᠶᠠᠳᠤᠭᠠᠷ ᠡᠮᠨᠡᠯᠭᠡ ᠶᠢᠨ ᠬᠤᠷᠢᠶᠠᠨ ᠤ ᠬᠥᠩᠭᠡᠵᠢᠭᠦᠯᠬᠦ ᠰᠠᠯᠠᠭᠠᠨ ᠤ ᠡᠷᠬᠢᠯᠡᠭᠴᠢ ᠯᠢ ᠬᠤᠶ ᠵᠢᠤᠸᠠᠨ ᠢ ᠣᠨᠴᠠ ᠤᠷᠢᠵᠤ᠂ ︽ᠡᠷᠡᠭᠦᠯ ᠴᠢᠭᠢᠷᠠᠭ ᠡᠮᠡᠭᠲᠡᠶᠢᠴᠦᠳ︾ ᠬᠡᠮᠡᠬᠦ ᠭᠤᠣᠯ ᠰᠡᠳᠦᠪ ᠢᠶᠠᠷ ᠮᠡᠳᠡᠯᠭᠡ ᠶᠢᠨ ᠲᠠᠶᠢᠯᠤᠮᠵᠢ ᠬᠢᠵᠡᠢ᠃ ᠠᠵᠢᠯᠯᠠᠭ᠎ᠠ ᠳᠤᠮᠳᠠ᠂ ᠯᠢ ᠡᠷᠬᠢᠯᠡᠭᠴᠢ ᠠᠮᠢᠳᠤ ᠵᠢᠱᠢᠶ᠎ᠡ᠂ ᠪᠣᠳᠠᠲᠤ ᠬᠡᠷᠡᠭᠯᠡᠭᠡᠨ ᠤ ᠰᠠᠨᠠᠭᠤᠯᠭ᠎ᠠ ᠪᠠ ᠲᠤᠬᠠᠢ ᠶᠢᠨ ᠲᠠᠯᠠᠪᠤᠷ ᠤᠨ ᠦᠢᠯᠡᠳᠦᠯᠴᠡᠯ ᠢᠶᠠᠷ ᠳᠠᠮᠵᠢᠭᠤᠯᠤᠨ᠂ ᠡᠮᠡᠭᠲᠡᠶᠢᠴᠦᠳ ᠲᠤ ᠡᠮᠡᠭᠲᠡᠶᠢᠴᠦᠳ ᠤᠨ ᠡᠷᠡᠭᠦᠯ ᠬᠠᠮᠠᠭᠠᠯᠠᠯ ᠡᠷᠡᠭᠦᠯᠵᠢᠯ ᠤᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠰᠢᠨᠵᠢᠯᠡᠬᠦ ᠤᠬᠠᠭᠠᠨᠴᠢ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠪᠠ᠃ ᠡᠭᠦᠨ ᠤ ᠳᠠᠷᠠᠭ᠎ᠠ᠂ ᠨᠡᠶᠢᠭᠡᠮ ᠲᠣᠭᠤᠷᠢᠭ ᠤᠨ ᠬᠢᠨ ᠪᠠᠰᠠ ︽ᠡᠮᠡᠭᠲᠡᠢ ᠪᠠᠭᠠᠲᠤᠷ︾ ᠭᠡᠬᠦ ᠰᠢᠷᠢᠰ ᠣᠬᠤᠷ ᠹᠢᠯᠢᠮ ᠢ ᠦᠵᠡᠭᠦᠯᠵᠦ᠂ ᠬᠠᠷᠢᠶ᠎ᠠ ᠣᠷᠣᠨ ᠤ ᠡᠮᠡᠭᠲᠡᠶᠢᠴᠦᠳ ᠤᠨ ᠥᠪᠡᠷ ᠤᠨ ᠦᠨ᠎ᠡ ᠥᠷᠲᠡᠭ ᠢᠶᠠᠨ ᠪᠡᠶᠡᠯᠡᠭᠦᠯᠬᠦ ᠶᠢ ᠵᠣᠷᠢᠭᠵᠢᠭᠤᠯᠵᠠᠢ᠃      ᠮᠧᠩ ᠰᠢᠶᠠᠩ ᠨᠡᠶᠢᠭᠡᠮ ᠲᠣᠭᠤᠷᠢᠭ       ᠮᠧᠩ ᠰᠢᠶᠠᠩ ᠨᠡᠶᠢᠭᠡᠮ ᠲᠣᠭᠤᠷᠢᠭ ᠤᠨ ᠬᠢᠨ ︽ᠰᠢᠨ᠎ᠡ ᠴᠠᠭ ᠦᠶ᠎ᠡ ᠶᠢ ᠥᠯᠥ ᠬᠥᠰᠡᠷᠳᠡᠭᠦᠯᠵᠦ᠂ ᠦᠨᠳᠦᠰᠦᠲᠡᠨ ᠤ ᠪᠦᠯᠬᠦᠮᠳᠡᠯ ᠢ ᠨᠡᠩ ᠨᠢᠭᠲᠠᠷᠠᠭᠤᠯᠬᠤ︾ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠠᠵᠢᠯᠯᠠᠭ᠎ᠠ ᠳᠤ ᠤᠷᠢᠳᠠᠪᠠᠷ ︽ᠰᠠᠶᠢᠨ ᠬᠠᠳᠠᠮ ᠡᠵᠢ︾᠂ ︽ᠰᠠᠶᠢᠨ ᠪᠡᠷᠢ︾᠂ ︽ᠰᠠᠶᠢᠨ ᠬᠥᠷᠰᠢ︾ ᠶᠢ ᠬᠥᠬᠢᠭᠦᠯᠦᠨ ᠰᠠᠶᠢᠰᠢᠶᠠᠵᠤ᠂ ᠡᠮᠡᠭᠲᠡᠶᠢᠴᠦᠳ ᠤᠨ ᠢᠷᠠᠭᠤ ᠠᠯᠳᠠᠷᠲᠤ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠬᠥᠭᠵᠢᠭᠡᠨ᠂ ᠨᠠᠩ ᠣᠯᠠᠨ ᠰᠠᠭᠤᠭᠠᠯᠢ ᠠᠷᠠᠳ ᠤᠨ ᠰᠢᠯᠢᠳᠡᠭ ᠰᠠᠶᠢᠨ ᠭᠡᠷ ᠤᠨ ᠰᠤᠷᠲᠠᠯ ᠢ ᠤᠯᠠᠮᠵᠢᠯᠠᠨ ᠵᠠᠯᠭᠠᠮᠵᠢᠯᠠᠬᠤ ᠶᠢ ᠵᠣᠷᠢᠭᠵᠢᠭᠤᠯᠵᠠᠢ᠃ ᠳᠠᠷᠠᠭ᠎ᠠ ᠨᠢ ᠮᠢᠨᠳᠠᠰᠤᠨ ᠹᠠᠯᠠᠨ ᠴᠢᠮᠬᠢᠬᠦ ᠪᠠ ᠲᠡᠪᠡᠷᠢᠳᠡᠭ ᠳᠡᠷ᠎ᠡ ᠬᠢᠬᠦ ᠵᠡᠷᠭᠡ ᠠᠵᠢᠯᠯᠠᠭ᠎ᠠ ᠥᠷᠨᠢᠭᠦᠯᠦᠨ᠂ ᠣᠯᠠᠨ ᠢᠶᠠᠷ ᠢᠶᠠᠨ ᠤᠷᠠᠨ ᠰᠡᠳᠬᠢᠬᠦᠢ ᠠᠪᠢᠶᠠᠰ ᠴᠢᠳᠠᠪᠤᠷᠢ ᠪᠠᠨ ᠪᠠᠳᠠᠷᠠᠭᠤᠯᠤᠭᠠᠳ ᠭᠤᠶᠣ ᠰᠠᠶᠢᠬᠠᠨ ᠭᠠᠷ ᠤᠷᠠᠯᠠᠯ ᠤᠨ ᠪᠦᠲᠦᠭᠡᠭᠳᠡᠬᠦᠨ ᠤᠳ ᠢ ᠬᠢᠵᠦ ᠭᠠᠷᠭᠠᠪᠠ᠃ ᠰᠣᠨᠢᠷᠬᠠᠯᠲᠤ ᠲᠣᠭᠯᠠᠭᠠᠮ ᠳᠤ ᠳᠠᠶᠠᠭᠠᠷ ᠢᠶᠠᠷ ᠢᠶᠠᠨ ᠢᠳᠡᠪᠬᠢᠲᠡᠢ ᠣᠷᠣᠯᠴᠠᠵᠤ᠂ ᠢᠨᠢᠶᠡᠳᠦ ᠪᠠᠶᠠᠰᠤᠯ ᠤᠨ ᠳᠤᠮᠳᠠ ᠪᠠᠶᠠᠷ ᠵᠢᠷᠭᠠᠯ ᠢ ᠮᠡᠳᠡᠷᠡᠨ᠂ ᠨᠥᠬᠦᠷᠯᠡᠯ ᠪᠦᠯᠬᠦᠮᠳᠡᠯ ᠢ ᠨᠢᠭᠲᠠᠷᠠᠭᠤᠯᠪᠠ᠃       ᠵᠢᠩ ᠠᠨ ᠨᠡᠶᠢᠭᠡᠮ ᠲᠣᠭᠤᠷᠢᠭ        ᠵᠢᠩ ᠠᠨ ᠨᠡᠶᠢᠭᠡᠮ ᠲᠣᠭᠤᠷᠢᠭ ᠤᠨ ᠬᠢᠨ ᠣᠲᠤᠭ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠴᠢ ᠫᠠᠨ ᠵᠢᠩ ᠠᠷᠠᠳ ᠤᠨ ᠰᠢᠭᠦᠬᠦ ᠲᠢᠩᠬᠢᠮ ᠤᠨ ᠰᠢᠭᠦᠭᠴᠢ ᠮᠡᠷᠭᠡᠨ ᠨᠥᠬᠦᠷ ᠢ ᠤᠷᠢᠵᠤ᠂ ᠬᠠᠷᠢᠶ᠎ᠠ ᠣᠷᠣᠨ ᠤ ᠡᠮᠡᠭᠲᠡᠶᠢᠴᠦᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢᠨ ᠲᠠᠶᠢᠯᠤᠮᠵᠢ ᠬᠢᠯᠭᠡᠨ᠂ ᠡᠮᠡᠭᠲᠡᠶᠢᠴᠦᠳ ᠤᠨ ᠬᠠᠤᠯᠢ ᠴᠠᠭᠠᠵᠠ ᠶᠢᠨ ᠤᠬᠠᠮᠰᠠᠷ ᠪᠠ ᠡᠷᠬᠡ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃ ᠦᠳᠡ ᠶᠢᠨ ᠬᠤᠶᠢᠨ᠎ᠠ᠂ ᠪᠠᠩᠰᠢ ᠪᠠᠷᠢᠬᠤ ᠤᠷᠤᠯᠳᠤᠭᠠᠨ ᠬᠢᠵᠦ᠂ ᠲᠤᠬᠠᠢ ᠶᠢᠨ ᠲᠠᠯᠠᠪᠠᠢ ᠳᠤ ᠪᠠᠶᠠᠷ ᠬᠦᠷ ᠢᠶᠠᠷ ᠪᠢᠯᠬᠠᠪᠠ᠃ ᠬᠠᠮᠤᠭ ᠡᠴᠦᠰ ᠲᠤ᠂ ᠤᠯᠠᠨ ᠢᠶᠠᠷ ᠢᠶᠠᠨ ︽ᠳᠤᠮᠳᠠᠳᠤ ᠤᠯᠤᠰ ᠤᠨ ᠰᠠᠶᠢᠴᠤᠤᠯ ᠤᠨ ᠨᠡᠷᠡᠰ︾ ᠲᠠᠬᠢ ᠰᠠᠶᠢᠨ ᠪᠡᠷᠢ ᠴᠧᠩ ᠬᠤᠩ ᠰᠢᠶᠠ᠂ ᠬᠠᠨ ᠰᠣ᠋ ᠶᠦᠨ ᠤ ᠲᠡᠷᠢᠭᠦᠨ ᠤ ᠦᠢᠯᠡ ᠠᠵᠢᠯᠯᠠᠭ᠎ᠠ ᠶᠢᠨ ᠹᠢᠯᠢᠮ ᠦᠵᠡᠵᠦ᠂ ᠰᠢᠯᠢᠳᠡᠭ ᠡᠮᠡᠭᠲᠡᠶᠢᠴᠦᠳ ᠤᠨ ᠬᠡᠪ ᠰᠤᠷᠲᠠᠯ ᠢ ᠣᠯᠵᠦ ᠬᠠᠷᠠᠨ᠂ ᠣᠯᠠᠨ ᠤ ᠡᠷᠡᠯᠬᠡᠭᠯᠡᠨ ᠲᠡᠮᠡᠴᠡᠬᠦ ᠶᠢ ᠵᠣᠷᠢᠭᠵᠢᠭᠤᠯᠪᠠ᠃      ᠴᠢ ᠫᠠᠠ ᠨᠡᠶᠢᠭᠡᠮ ᠲᠣᠭᠤᠷᠢᠭ       ᠴᠢ ᠫᠠᠨ ᠨᠡᠶᠢᠭᠡᠮ ᠲᠣᠭᠤᠷᠢᠭ ᠤᠨ ᠠᠵᠢᠯᠲᠠᠳ ᠶᠠᠳᠠᠭᠤ ᠬᠦᠴᠢᠷᠳᠡᠯᠲᠡᠢ ᠡᠮᠡᠭᠲᠡᠶᠢᠴᠦᠳ ᠢ ᠪᠣᠯᠭᠤᠭᠠᠨ ᠲᠣᠬᠤᠨᠢᠭᠤᠯᠵᠤ᠂ ᠠᠮᠢᠳᠤᠷᠠᠯ ᠤᠨ ᠪᠠᠶᠢᠳᠠᠯ ᠢ ᠨᠢ ᠨᠠᠷᠢᠨ ᠣᠶᠢᠯᠠᠭᠠᠨ᠂ ᠬᠦᠴᠢᠷᠳᠡᠯ ᠪᠣᠯᠣᠨ ᠬᠦᠰᠡᠯ ᠱᠠᠭᠠᠷᠳᠠᠯᠭ᠎ᠠ ᠶᠢ ᠨᠢ ᠨᠢᠮᠪᠠᠢ ᠰᠣᠨᠣᠰᠴᠤ᠂ ᠲᠡᠳᠡᠨ ᠳᠤ ︽ᠰᠡᠳᠬᠢᠯ ᠢ ᠳᠤᠯᠠᠭᠠᠴᠠᠭᠤᠯᠬᠤ ᠪᠡᠯᠡᠭ︾ ᠪᠣᠯᠣᠨ ᠪᠠᠶᠠᠷ ᠤᠨ ᠡᠳᠦᠷ ᠤᠨ ᠮᠡᠨᠳᠦ ᠬᠦᠷᠭᠡᠵᠡᠢ᠃ ᠨᠡᠶᠢᠭᠡᠮ ᠲᠣᠭᠤᠷᠢᠭ ᠤᠨ ᠬᠢᠨ ᠵᠢᠩ ᠴᠸᠡᠭ ᠪᠡᠶ᠎ᠡ ᠰᠤᠪᠢᠯᠠᠯᠲᠠ ᠶᠢᠨ ᠹᠢᠽᠢᠺ ᠵᠠᠰᠠᠯ ᠤᠨ ᠲᠠᠰᠤᠭ ᠲᠠᠢ ᠬᠤᠯᠪᠤᠭᠠᠯᠠᠨ ᠡᠮᠡᠭᠲᠡᠶᠢᠴᠦᠳ ᠲᠤ ᠢᠯᠢᠵᠦ ᠨᠤᠬᠤᠯᠠᠬᠤ᠂ ᠵᠡᠭᠦᠦ ᠲᠥᠭᠡᠨᠡᠯᠭᠡ ᠲᠠᠯᠪᠢᠬᠤ᠂ ᠰᠣᠷᠣᠭᠤᠯ ᠲᠠᠯᠪᠢᠬᠤ ᠵᠡᠷᠭᠡ ᠵᠠᠰᠠᠯ ᠬᠢᠵᠦ᠂ ᠪᠡᠶ᠎ᠡ ᠶᠢᠨ ᠴᠢᠯᠡᠭᠡ ᠶᠢ ᠨᠢ ᠲᠠᠶᠢᠯᠵᠤ ᠥᠭᠪᠡ᠃ ᠪᠠᠰᠠ ᠴᠢ ᠫᠠᠨ ᠵᠢᠩ ᠪᠠᠯᠭᠠᠰᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠲᠠᠢ ᠬᠠᠮᠲᠤᠷᠠᠨ᠂ ᠡᠮᠡᠭᠲᠡᠢ ᠰᠠᠭᠤᠭᠠᠯᠢ ᠠᠷᠠᠳ ᠲᠤ B ᠬᠡᠲᠦ ᠳᠣᠯᠭᠢᠶᠠᠨ ᠤ ᠪᠠᠶᠢᠴᠠᠭᠠᠯᠲᠠ ᠶᠢ ᠦᠨ᠎ᠡ ᠲᠥᠯᠥᠪᠦᠷᠢ ᠦᠭᠡᠢ ᠪᠠᠷ ᠬᠢᠵᠦ᠂ ᠬᠠᠶᠢᠷ᠎ᠠ ᠬᠠᠯᠠᠮᠵᠢ ᠶᠢ ᠪᠣᠳᠠᠲᠠᠢ ᠬᠦᠷᠭᠡᠨ᠂ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠮᠠᠭᠠᠯᠠᠭᠰᠠᠨ ᠪᠠᠶᠢᠨ᠎ᠠ᠃ ᠠᠵᠢᠯᠯᠠᠭ᠎ᠠ ᠳᠤᠮᠳᠠ᠂ ᠣᠯᠠᠨ ᠢᠶᠠᠷ ᠢᠶᠠᠨ ᠡᠩᠭᠡᠷ ᠤᠨ ᠵᠡᠭᠦᠯᠲᠡ ᠬᠢᠵᠦ᠂ ᠡᠮᠡᠭᠲᠡᠶᠢᠴᠦᠳ ᠤᠨ ᠪᠠᠶᠠᠷ ᠤᠨ ᠡᠳᠦᠷ ᠢᠶᠠᠨ ᠪᠠᠶᠠᠰᠤᠯ ᠲᠠᠢ ᠰᠠᠶᠢᠬᠠᠨ ᠥᠩᠭᠡᠷᠡᠭᠦᠯᠵᠡᠢ᠃      ᠦᠵᠦᠭᠦᠷ ᠨᠡᠶᠢᠭᠡᠮ ᠲᠣᠭᠤᠷᠢᠭ       ᠦᠵᠦᠭᠦᠷ ᠨᠡᠶᠢᠭᠡᠮ ᠲᠣᠭᠤᠷᠢᠭ ᠤᠨ ᠬᠢᠨ ︽ᠤᠶᠠᠵᠤ ᠪᠤᠳᠤᠬᠤ ᠪᠣᠳᠠᠰ ᠤᠨ ᠪᠤᠰᠤ ᠰᠣᠶᠣᠯ ᠤᠨ ᠥᠪ ᠳᠣᠲᠣᠷᠠᠬᠢ ᠷᠣᠮᠠᠨᠲ᠋ᠢᠭ ᠪᠠ ᠬᠦᠴᠦᠨ ᠴᠢᠳᠠᠯ︾ ᠬᠡᠮᠡᠬᠦ ᠡᠮᠡᠭᠲᠡᠶᠢᠴᠦᠳ ᠤᠨ ᠪᠠᠶᠠᠷ ᠤᠨ ᠡᠳᠦᠷ ᠤᠨ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠥᠷᠨᠢᠭᠦᠯᠵᠦ᠂ ᠪᠣᠭᠤᠬᠤ᠂ ᠳᠡᠪᠲᠦᠭᠡᠬᠦ᠂ ᠢᠰᠦᠯᠳᠦᠭᠦᠯᠬᠦ ᠵᠡᠷᠭᠡ ᠶᠠᠪᠤᠴᠠ ᠪᠠᠷ ᠳᠠᠮᠵᠢᠭᠠᠳ ᠥᠪᠡᠷ ᠤᠨ ᠪᠡᠶ᠎ᠡ ᠳᠡᠭᠡᠨ ᠬᠤᠷᠸ᠎ᠠ ᠳᠤ ᠬᠤᠣᠰ ᠦᠭᠡᠢ ᠪᠦᠲᠦᠭᠡᠯ ᠢ ᠬᠢᠭᠰᠡᠨ ᠪᠠᠶᠢᠨ᠎ᠠ᠃ ᠠᠵᠢᠯᠯᠠᠭ᠎ᠠ ᠨᠢ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢᠶᠠᠷ ᠠᠴᠢᠶᠠᠯᠠᠪᠤᠷᠢ ᠪᠣᠯᠭᠠᠵᠤ᠂ ᠤᠯᠠᠮᠵᠢᠯᠠᠯᠲᠤ ᠰᠣᠶᠣᠯ ᠢ ᠪᠠᠶᠠᠷ ᠳᠤᠷᠠᠰᠬᠠᠯ ᠤᠨ ᠡᠳᠦᠷ ᠲᠠᠢ ᠤᠶᠠᠯᠳᠤᠭᠤᠯᠤᠨ᠂ ᠬᠠᠷᠢᠶ᠎ᠠ ᠣᠷᠣᠨ ᠤ ᠡᠮᠡᠭᠲᠡᠶᠢᠴᠦᠳ ᠲᠤ ᠭᠠᠷ ᠤᠷᠠᠯᠠᠯ ᠬᠢᠬᠦ ᠬᠠᠪᠤ ᠴᠡᠩᠭᠡᠯ ᠢ ᠮᠡᠳᠡᠷᠡᠭᠦᠯᠬᠦ ᠶᠢᠨ ᠵᠡᠷᠭᠡ ᠳᠤ ᠬᠠᠷᠢᠶᠠᠯᠠᠭᠳᠠᠬᠤ ᠰᠡᠳᠬᠢᠯᠭᠡ ᠪᠣᠯᠣᠨ ᠵᠢᠷᠭᠠᠯᠲᠤ ᠰᠡᠳᠬᠢᠯᠭᠡ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠴᠢ ᠰᠢᠶᠠᠩ ᠨᠡᠶᠢᠭᠡᠮ ᠲᠣᠭᠤᠷᠢᠭ       ᠴᠢ ᠰᠢᠶᠠᠩ ᠨᠡᠶᠢᠭᠡᠮ ᠲᠣᠭᠤᠷᠢᠭ ︽ᠡᠮᠡᠭᠲᠡᠶᠢᠴᠦᠳ ᠠᠪᠢᠶᠠᠰ ᠪᠢᠯᠢᠭ ᠢᠶᠠᠨ ᠪᠠᠳᠠᠷᠠᠭᠤᠯᠵᠤ᠂ ᠵᠣᠯ ᠵᠢᠷᠭᠠᠯ ᠢᠶᠠᠨ ᠬᠤᠪᠢᠶᠠᠯᠴᠠᠬᠤ︾ ᠡᠮᠡᠭᠲᠡᠶᠢᠴᠦᠳ ᠤᠨ ᠪᠠᠶᠠᠷ ᠤᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠦᠨᠦᠷᠲᠦ ᠤᠰᠤ᠂ ᠢᠯᠢᠯᠭᠡ ᠶᠢᠨ ᠰᠠᠮ᠂ ᠤᠷᠤᠭᠤᠯ ᠤᠨ ᠪᠤᠳᠤᠭ ᠵᠡᠷᠭᠡ 40 ᠬᠤᠪᠢ ᠬᠡᠷᠡᠭᠯᠡᠭᠡᠨ ᠤ ᠪᠡᠯᠡᠭ ᠰᠠᠪᠠᠯᠠᠭᠰᠠᠨ ᠬᠠᠶᠢᠷᠴᠠᠭ ᠭᠠᠷᠭᠠᠨ᠂ ᠤᠯᠠᠨ ᠢᠶᠠᠷ ᠰᠣᠩᠭᠤᠭᠤᠯᠵᠤ ᠪᠡᠯᠡᠭ ᠪᠣᠯᠭᠠᠨ ᠭᠠᠷᠳᠠᠭᠤᠯᠵᠠᠢ᠃ ᠲᠣᠰ ᠠᠵᠢᠯᠯᠠᠭ᠎ᠠ ᠳᠤ᠂ ᠣᠲᠤᠭ ᠬᠤᠰᠢᠭᠤᠨ ᠤ ᠠᠷᠠᠳ ᠤᠨ ᠬᠤᠶᠠᠳᠤᠭᠠᠷ ᠡᠮᠨᠡᠯᠭᠡ ᠶᠢᠨ ᠬᠤᠷᠢᠶᠠᠨ ᠤ ᠯᠢ ᠬᠤᠶ ᠵᠢᠤᠸᠠᠨ ᠡᠮᠴᠢ ᠶᠢ ᠤᠷᠢᠵᠤ᠂ ᠡᠮᠡᠭᠲᠡᠶᠢᠴᠦᠳ ᠤᠨ ᠪᠠᠶᠢᠩᠭᠤ ᠲᠣᠬᠢᠶᠠᠯᠳᠤᠬᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠵᠢᠴᠢ ᠡᠮᠨᠡᠨ ᠵᠠᠰᠠᠬᠤ ᠲᠣᠭᠤᠷᠢᠨ ᠳᠤ ᠪᠣᠳᠠᠲᠤ ᠬᠡᠷᠡᠭᠯᠡᠭᠡᠨ ᠤ ᠡᠷᠡᠭᠦᠯ ᠮᠡᠨᠳᠦ ᠶᠢᠨ ᠲᠠᠶᠢᠯᠤᠮᠵᠢ ᠬᠢᠯᠭᠡᠪᠡ᠃ ᠪᠠᠰᠠ ᠵᠢᠩ ᠮᠸᠡᠭ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠵᠢᠶᠠ ᠰᠢᠤᠸᠠᠢ ᠵᠢᠶᠣᠣ ᠬᠠᠤᠯᠢᠴᠢ ᠶᠢ ᠤᠷᠢᠨ᠂ ᠦᠷᠭᠦᠯᠵᠢ ᠲᠣᠬᠢᠶᠠᠯᠳᠤᠳᠠᠭ ᠡᠮᠡᠭᠲᠡᠶᠢᠴᠦᠳ ᠤᠨ ᠡᠷᠬᠡ ᠠᠰᠢᠭ ᠤᠨ ᠬᠠᠯᠳᠠᠯᠭ᠎ᠠ ᠶᠢᠨ ᠠᠰᠠᠭᠤᠳᠠᠯ ᠪᠠ ᠠᠷᠭᠠᠴᠠᠭᠠᠬᠤ ᠠᠷᠭ᠎ᠠ ᠶᠢ ᠨᠠᠷᠢᠨ ᠲᠠᠶᠢᠯᠪᠤᠷᠢᠯᠠᠭᠤᠯᠤᠨ᠂ ᠡᠮᠡᠭᠲᠡᠶᠢᠴᠦᠳ ᠤᠨ ᠬᠠᠤᠯᠢ ᠴᠠᠭᠠᠵᠠ ᠶᠢᠨ ᠤᠬᠠᠮᠰᠠᠷ ᠪᠠ ᠡᠷᠬᠡ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃ ᠬᠠᠮᠤᠭ ᠡᠴᠦᠰ ᠲᠤ᠂ ᠨᠡᠶᠢᠭᠡᠮ ᠲᠣᠭᠤᠷᠢᠭ ᠠᠴᠠ ︽ᠬᠠᠮᠤᠭ ᠤᠨ ᠭᠤᠶᠣ ᠪᠡᠷᠢ︾᠂ ︽3 · 8 ᠤ ᠤᠯᠠᠭᠠᠨ ᠲᠤᠭᠴᠢ︾ ᠵᠡᠷᠭᠡ ᠢᠷᠠᠭᠤ ᠠᠯᠳᠠᠷ ᠢ ᠣᠯᠭᠤᠵᠤ᠂ ᠱᠠᠩᠨᠠᠯ ᠭᠥᠷᠳᠡᠭᠰᠡᠨ ᠡᠮᠡᠭᠲᠡᠶᠢᠴᠦᠳ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠪᠠᠶᠠᠷ ᠬᠦᠷᠭᠡᠪᠡ᠃      ᠡᠪᠡᠰᠦᠨ ᠦᠷ᠎ᠡ ᠲᠠᠯᠠᠪᠠᠢ ᠨᠡᠶᠢᠭᠡᠮ ᠲᠣᠭᠤᠷᠢᠭ       ᠡᠪᠡᠰᠦᠨ ᠦᠷ᠎ᠡ ᠲᠠᠯᠠᠪᠠᠢ ᠨᠡᠶᠢᠭᠡᠮ ᠲᠣᠭᠤᠷᠢᠭ ︽ᠡᠮᠡᠭᠲᠡᠶᠢᠴᠦᠳ ᠤᠨ ᠴᠤᠭ ᠵᠢᠪᠬᠤᠭ᠎ᠠ ᠶᠢ ᠪᠠᠳᠠᠷᠠᠭᠤᠯᠵᠤ᠂ ᠡᠶ᠎ᠡ ᠵᠣᠬᠢᠴᠠᠯ ᠢ ᠬᠠᠮᠲᠤᠪᠠᠷ ᠴᠣᠭᠴᠠᠯᠠᠬᠤ︾ ᠭᠤᠷᠪᠠᠨ ᠰᠠᠷ᠎ᠠ ᠶᠢᠨ ᠨᠠᠢᠮᠠᠨ ᠤ ᠡᠮᠡᠭᠲᠡᠶᠢᠴᠦᠳ ᠤᠨ ᠪᠠᠶᠠᠷ ᠤᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨ᠎ᠡ ᠴᠠᠭ ᠦᠶ᠎ᠡ ᠶᠢᠨ 20 ᠰᠢᠯᠢᠳᠡᠭ ᠵᠢᠱᠢᠶᠡᠴᠢ ᠡᠮᠡᠭᠲᠡᠢ ᠶᠢ ᠰᠢᠯᠭᠠᠷᠠᠭᠤᠯᠤᠨ᠂ ᠲᠡᠳᠡᠨ ᠳᠤ ᠢᠷᠠᠭᠤ ᠠᠯᠳᠠᠷ ᠤᠨ ᠦᠨᠡᠮᠯᠡᠯ ᠪᠠ ᠱᠠᠩᠨᠠᠯ ᠣᠯᠭᠤᠵᠠᠢ᠃ ᠳᠠᠷᠠᠭ᠎ᠠ ᠨᠢ᠂ ᠨᠡᠶᠢᠭᠡᠮ ᠲᠣᠭᠤᠷᠢᠭ ᠠᠴᠠ ︽ᠠᠯᠢᠮ᠎ᠠ ᠵᠢᠮᠢᠰ ᠢᠳᠡᠰᠢᠨ ᠨᠣᠭᠤᠭ᠎ᠠ ᠴᠠᠭᠠᠷᠢᠭᠯᠠᠬᠤ︾᠂ ︽ᠣᠷᠣᠨ ᠳᠠᠭᠠᠨ ᠬᠥᠳᠡᠯᠬᠦ︾᠂ ︽ᠨᠢᠭᠡ ᠰᠢᠳᠡᠯᠲᠡ ᠪᠠᠷ ᠮᠢᠩᠭᠠᠨ ᠯᠠᠩ ᠠᠯᠳᠠ ᠠᠪᠬᠤ︾ ᠵᠡᠷᠭᠡ ᠰᠣᠨᠢᠷᠬᠠᠯᠲᠠᠢ ᠠᠵᠢᠯᠯᠠᠭ᠎ᠠ ᠨᠤᠭᠤᠳ ᠢ ᠶᠠᠪᠤᠭᠳᠠᠭᠤᠯᠵᠤ᠂ ᠣᠯᠠᠨ ᠢᠶᠠᠷ ᠢᠶᠠᠨ ᠪᠠᠶᠠᠷᠯᠠᠵᠤ ᠬᠥᠭᠡᠷᠦᠯᠳᠦᠨ᠂ ᠬᠥᠷᠰᠢ ᠵᠡᠷᠭᠡᠯᠡᠳᠡᠭᠡ ᠶᠢᠨ ᠨᠥᠬᠦᠷᠯᠡᠯ ᠢ ᠪᠦᠲᠦᠮᠵᠢᠲᠡᠶ ᠵᠤᠵᠠᠭᠠᠳᠬᠠᠭᠰᠠᠨ ᠪᠠᠶᠢᠨ᠎ᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ